ᠪᠣᠣ ᠭᠠᠩ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠯᠣᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/2
      ( ᠰᠤᠷᠪᠤᠯᠵᠢᠯᠠᠭᠴᠢ ᠶᠦᠨ ᠵᠢᠩ)7 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠪᠣᠯᠣᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠦᠷᠳᠡᠭᠡ ᠶᠢᠨ ᠠᠰᠠᠷ᠂ ᠠᠭᠠᠷ ᠤᠨ ᠠᠶᠠᠯᠠᠯ ᠤᠨ ᠬᠠᠮᠢᠶᠠᠷᠤᠯᠲᠠ ᠶᠢᠨ ᠰᠤᠪᠤᠷᠭ᠎ᠠ᠂ ᠠᠭᠠᠷ ᠤᠨ ᠠᠶᠠᠯᠠᠯ ᠤᠨ ᠺᠣᠮᠫᠠᠨᠢ ᠶᠢᠨ ᠰᠠᠭᠤᠷᠢᠨ ᠭᠠᠵᠠᠷ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠱᠧᠩ ᠯᠧ ᠤᠯᠠᠨ ᠤᠯᠤᠰ ᠤᠨ ᠨᠢᠰᠬᠡᠯ ᠤᠨ ᠪᠠᠭᠤᠳᠠᠯ ᠪᠣᠯ ᠤᠯᠤᠰ ᠤᠨ ᠳᠣᠲᠣᠭᠠᠳᠤ ᠶᠢᠨ ᠴᠢᠬᠤᠯᠠ ᠭᠤᠣᠯ ᠱᠤᠭᠤᠮ ᠤᠨ ᠨᠢᠰᠬᠡᠯ ᠤᠨ ᠪᠠᠭᠤᠳᠠᠯ ᠪᠣᠯᠣᠨ ᠣᠷᠣᠨ ᠪᠦᠰᠡ ᠶᠢᠨ ᠬᠦᠢᠰᠦ ᠨᠢᠰᠬᠡᠯ ᠤᠨ ᠪᠠᠭᠤᠳᠠᠯ ᠪᠣᠯᠣᠨ᠎ᠠ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠶᠢ ᠪᠠᠷᠢᠮᠲᠠᠯᠠᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠯᠬᠤᠮ ᠠᠯᠬᠤᠮ ᠢᠶᠠᠷ ᠠᠬᠢᠭᠤᠯᠵᠤ᠂ ᠡᠯ᠎ᠡ ᠵᠦᠢᠯ ᠤᠨ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠨᠢᠰᠬᠡᠯ ᠤᠨ ᠪᠠᠭᠤᠳᠠᠯ ᠬᠢᠭᠡᠳ ᠵᠠᠰᠠᠮᠠᠯ ᠵᠠᠮ᠂ ᠬᠤᠲᠠ ᠶᠢᠨ ᠶᠠᠪᠤᠳᠠᠯ ᠤᠨ ᠵᠠᠮ ᠯᠤᠭ᠎ᠠ ᠶᠢᠨ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠨ᠂ ᠲᠦᠷᠭᠡᠨ ᠤ ᠲᠡᠮᠦᠷ ᠵᠠᠮ᠂ ᠵᠠᠮᠲᠤ ᠵᠠᠮ ᠬᠠᠷᠢᠯᠴᠠᠭ᠎ᠠ ᠳᠤ ᠤᠷᠢᠳᠴᠢᠯᠠᠨ ᠦᠯᠡᠳᠡᠭᠡᠬᠦ ᠪᠠᠷᠢᠯᠭ᠎ᠠ ᠶᠢ ᠰᠠᠶᠢᠲᠤᠷ ᠬᠢᠵᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢ ᠴᠣᠭᠴᠠᠯᠠᠨ ᠪᠠᠶᠢᠭᠤᠯᠵᠤ᠂ ᠡᠷᠭᠢᠨ ᠲᠣᠭᠤᠷᠢᠨ ᠤ ᠬᠤᠰᠢᠭᠤ ᠰᠢᠶᠠᠨ᠂ ᠬᠤᠲᠠ ᠬᠢᠭᠡᠳ ᠨᠢᠰᠬᠡᠯ ᠤᠨ ᠪᠠᠭᠤᠳᠠᠯ ᠤᠨ ᠲᠦᠷᠭᠡᠨ ᠨᠡᠪᠲᠡᠷᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃      ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ᠂ ᠪᠣᠣ ᠭᠠᠩ ᠤᠷᠢᠳ ᠬᠤᠵᠢᠳ ᠱᠤᠸᠠᠩ ᠴᠢ ᠡᠮ ᠤᠨ ᠦᠢᠯᠡᠰ ᠤᠨ ᠠᠮᠢᠳᠤ ᠪᠣᠳᠠᠰ ᠤᠨ ᠣᠶᠤᠨᠴᠢ ᠦᠢᠯᠡᠳᠭᠡᠯ᠂ ᠯᠢ ᠦ᠋ ᠭᠡᠷᠡᠯ ᠴᠡᠨᠡᠭ ᠢ ᠠᠷᠠᠴᠢᠯᠠᠵᠤ ᠬᠠᠮᠠᠭᠠᠯᠠᠬᠤ ᠮᠠᠰᠢᠨ ᠬᠥᠮᠥᠨ ᠤ ᠵᠠᠪᠰᠠᠷ ᠤᠨ ᠲᠤᠷᠰᠢᠯᠲᠠ᠂ ᠠᠲ᠋ᠧᠰ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ᠂ ᠯᠢᠦᠢ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠦᠢᠯᠡᠳᠬᠦ ᠲᠣᠨᠣᠭᠯᠠᠯ ᠦᠢᠯᠡᠳᠬᠦ ᠵᠡᠷᠭᠡ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠪᠣᠯᠣᠨ ᠱᠤᠸᠠᠩ ᠵᠢᠶᠧ ᠴᠠᠬᠢᠯᠭᠠᠨ ᠬᠡᠢ ᠵᠢᠴᠢ ᠲᠢᠶᠠᠨ ᠬᠤᠤ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠲᠠᠰᠤᠭ ᠲᠤ ᠬᠦᠷᠴᠦ᠂ ᠲᠦᠷᠦᠯ ᠵᠦᠢᠯ ᠢ ᠠᠬᠢᠭᠤᠯᠬᠤ ᠪᠠ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠪᠣᠣ ᠭᠠᠩ ᠬᠡᠯᠡᠬᠦ ᠳᠡᠭᠡᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ ᠥᠭᠬᠦ ᠬᠡᠷᠡᠭᠲᠡᠢ᠃ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠪᠣᠯᠤᠨ ᠲᠡᠷᠢᠭᠦᠨ ᠤ ᠦᠢᠯᠡᠳᠬᠦ ᠦᠢᠯᠡᠰ ᠵᠡᠷᠭᠡ ᠳᠠᠪᠠᠭᠤᠯᠢᠭ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠳᠡᠭᠡᠷ᠎ᠡ ᠬᠦᠴᠦ ᠲᠠᠯᠪᠢᠵᠤ᠂ ᠳᠡᠭᠡᠳᠦ ᠳᠤᠤᠷᠠᠳᠤ ᠤᠷᠤᠰᠬᠠᠯ ᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠣᠳᠣᠬᠢᠴᠢᠯᠠᠭᠰᠠᠨ ᠤᠯᠤᠰ ᠤᠨ ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠢ ᠰᠠᠶᠢᠲᠤᠷ ᠪᠥᠲᠥᠭᠡᠨ ᠪᠠᠶᠢᠭᠤᠯᠬᠤ ᠬᠡᠷᠡᠭᠲᠡᠶ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ