ᠬᠥᠬᠡᠬᠤᠲᠠ ᠤᠯᠤᠰ ᠤᠨ ᠬᠤᠶᠠᠳᠤᠭᠠᠷ ᠪᠦᠯᠦᠭ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠬᠤᠲᠠ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/7/2
       ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠸᠠᠩ ᠶᠦᠩ ᠫᠢᠩ︶ ᠣᠶᠢᠷ᠎ᠠ ᠶᠢᠨ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠬᠤᠶᠠᠳᠤᠭᠠᠷ ᠪᠦᠯᠦᠭ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠬᠤᠲᠠ ᠶᠢ ᠨᠡᠶᠢᠲᠡᠯᠡᠵᠦ᠂ ᠡᠭᠦᠨ ᠳᠤ ᠬᠥᠬᠡᠬᠤᠲᠠ ᠰᠣᠩᠭᠤᠭᠳᠠᠵᠤ᠂ ᠲᠥᠪ ᠤᠨ ᠡᠳ᠋ ᠤᠨ ᠵᠠᠰᠠᠭ ᠠᠴᠠ ᠣᠯᠭᠤᠭᠰᠠᠨ 1.5 ᠳ᠋ᠦᠩᠰᠢᠭᠤᠷ ᠲᠥᠭᠦᠷᠢᠭ ᠤᠨ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠣᠯᠤᠨ᠎ᠠ᠃      ᠬᠥᠬᠡᠬᠤᠲᠠ ᠶᠢᠨ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠯᠠᠪᠳᠠᠭᠤᠨ ᠪᠠᠲᠤᠲᠠᠶ ᠪᠠᠶᠢᠵᠤ᠂ ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶᠡᠨ ᠤ ᠤᠯᠤᠰ ᠤᠨ ᠵᠠᠩᠭᠢᠯᠠᠭ᠎ᠠ ᠶᠢᠨ ᠴᠡᠭ ᠤᠨ ᠬᠤᠲᠠ᠂ ᠤᠯᠤᠰ ᠤᠨ ᠢᠨᠲ᠋ᠧᠷ ᠰᠦᠯᠵᠢᠶᠡᠨ ᠤ ᠭᠤᠤᠯᠯᠠᠭᠴᠢ ᠰᠢᠭᠤᠳ ᠬᠤᠯᠪᠣᠬᠤ ᠴᠡᠭ ᠪᠠᠶᠢᠵᠤ᠂ ᠣᠯᠠᠨ ᠤᠯᠤᠰ ᠤᠨ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢᠨ ᠲᠤᠰᠬᠠᠶ ᠨᠡᠪᠲᠡᠷᠡᠬᠦ ᠵᠠᠮ ᠢ ᠠᠮᠵᠢᠯᠲᠠ ᠲᠠᠢ ᠨᠡᠭᠡᠭᠡᠵᠦ᠂ ᠮᠥᠨ ᠴᠦ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠤᠬᠤ︾ ᠪᠥᠬᠦ ᠤᠯᠤᠰ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢᠨ ᠨᠠᠢᠮᠠᠨ ᠶᠡᠭᠡ ᠵᠠᠩᠭᠢᠯᠠᠭ᠎ᠠ ᠶᠢᠨ ᠴᠡᠭ ᠤᠨ ᠨᠢᠭᠡ ᠪᠠᠶᠢᠵᠤ᠂ ᠪᠥᠬᠦ ᠣᠷᠣᠨ ᠤ ᠠᠩᠬᠠᠳᠠᠭᠴᠢ ᠣᠷᠣᠨ ᠪᠦᠰᠡ ᠶᠢᠨ ᠲᠠᠰ ᠤᠨ ᠤᠯᠤᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠶᠡᠷᠦᠩᠬᠡᠶᠢᠯᠡᠭᠰᠡᠨ ᠬᠡᠯᠪᠡᠷᠢ ᠶᠢᠨ ᠢᠯᠡᠷᠬᠡᠶᠢᠯᠡᠯ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠵᠠᠩᠭᠢᠯᠠᠭ᠎ᠠ ᠶᠢᠨ ᠴᠡᠭ ᠢ ᠪᠠᠶᠢᠭᠤᠯᠵᠤ᠂ ᠲᠣᠭᠠᠴᠢᠯᠠᠭᠰᠠᠨ ᠵᠦᠭ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠬᠡᠪ ᠳᠠᠭᠤᠷᠢᠶᠠᠯ᠂ 5G ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠬᠡᠷᠡᠭᠯᠡᠭᠡᠨ ᠤ ᠠᠬᠤᠢ ᠶᠢᠨ ᠡᠵᠡᠯᠡᠬᠦ ᠬᠠᠷᠢᠴᠠᠯ ᠨᠢ ᠪᠥᠬᠦ ᠣᠷᠣᠨ ᠤ 1/3 ᠶᠢ ᠳᠠᠪᠠᠵᠤ᠂ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠴᠢᠯᠠᠯᠲᠠ ᠶᠢ ᠤᠶᠠᠯᠳᠤᠭᠤᠯᠬᠤ ᠶᠢ ᠲᠤᠭᠤᠰᠢᠯᠠᠭᠤᠯᠬᠤ ᠪᠠᠷᠢᠮᠵᠢᠶ᠎ᠠ ᠶᠢᠨ 3A ᠲᠠᠰ ᠤᠨ ᠠᠵᠤ ᠠᠬᠤᠶᠢᠯᠠᠯ ᠨᠢ ᠪᠥᠬᠦ ᠣᠷᠣᠨ ᠤ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠳᠠᠪᠠᠭᠤᠯᠢᠭ ᠣᠨᠴᠠᠯᠢᠭ ᠢᠶᠠᠷ ᠲᠣᠪᠤᠶᠢᠮ᠎ᠠ ᠦᠢᠯᠡᠳᠬᠦ ᠦᠢᠯᠡᠰ ᠤᠨ ᠪᠥᠭᠡᠮᠨᠡᠷᠡᠯ ᠢ ᠪᠤᠶᠢᠵᠢᠭᠤᠯᠵᠤ᠂ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠤᠭᠰᠠᠨ ᠦᠷ᠎ᠡ ᠪᠦᠲᠦᠭᠡᠯ ᠤᠨ ᠬᠢᠷᠢ ᠲᠦᠪᠰᠢᠨ ᠨᠢ ᠪᠥᠬᠦ ᠣᠷᠣᠨ ᠳᠤ ᠲᠡᠷᠢᠭᠦᠯᠡᠪᠡ᠃ ᠲᠣᠰ ᠤᠳᠠᠭ᠎ᠠ ᠰᠣᠩᠭᠤᠭᠳᠠᠭᠰᠠᠨ ᠨᠢ ᠬᠥᠬᠡᠬᠤᠲᠠ ᠶᠢᠨ ᠲᠣᠭᠠᠴᠢᠯᠠᠭᠰᠠᠨ ᠵᠦᠭ ᠬᠡᠯᠪᠡᠷᠢ ᠶᠢᠨ ᠬᠤᠪᠢᠷᠠᠭᠤᠯᠬᠤ ᠪᠠᠷ ᠭᠠᠷᠳᠠᠴᠠ ᠪᠣᠯᠭᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠮᠢᠳᠤᠯᠢᠭ ᠦᠢᠯᠡᠳᠦᠯᠭᠡ ᠶᠢ ᠰᠠᠶᠢᠲᠤᠷ ᠬᠢᠵᠦ᠂ ᠣᠷᠣᠨ ᠤ ᠲᠥᠪ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠮᠢᠵᠢᠷᠠᠯ ᠤᠨ ᠬᠦᠴᠦᠨ ᠪᠠ ᠰᠢᠨ᠎ᠡ ᠶᠢ ᠡᠭᠦᠳᠬᠦ ᠬᠥᠳᠡᠯᠭᠡᠭᠦ ᠬᠦᠴᠦᠨ ᠢ ᠪᠦᠲᠦᠮᠵᠢᠲᠡᠶ ᠬᠥᠭᠵᠢᠭᠡᠵᠦ᠂ ᠪᠥᠬᠦ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠬᠥᠭᠵᠢᠯᠲᠡ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠳᠠᠶᠢᠴᠢᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ᠲᠤᠷᠰᠢᠯᠲᠠ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠬᠠᠮᠤᠭ ᠰᠠᠶᠢᠨ ᠢᠶᠠᠷ ᠠᠬᠢᠭᠤᠯᠵᠤ᠂ ᠪᠣᠬᠢᠷᠲᠤᠯ ᠥᠬᠡᠶ ᠢᠳᠡᠭᠡᠨ ᠡᠳ᠋ᠰᠢᠭᠦᠯᠬᠦ᠂ ᠰᠢᠨ᠎ᠡ ᠮᠠᠲ᠋ᠧᠷᠢᠶᠠᠯ ᠦᠢᠯᠡᠳᠬᠦ ᠦᠢᠯᠡᠰ ᠵᠡᠷᠭᠡ ᠦᠢᠯᠡᠳᠬᠦᠨ ᠤ ᠥᠷᠲᠡᠭ ᠬᠡᠪᠴᠢᠶ᠎ᠡ ᠪᠠᠷ ᠶᠡᠭᠡ᠂ ᠲᠥᠪᠯᠡᠷᠡᠯ ᠤᠨ ᠬᠡᠮᠵᠢᠶ᠎ᠡ ᠪᠠᠷ ᠥᠨᠳᠥᠷ ᠨᠠᠷᠢᠯᠢᠭ ᠬᠤᠪᠢᠶᠠᠭᠰᠠᠨ ᠠᠵᠢᠯ ᠲᠥᠷᠥᠯ ᠤᠨ ᠠᠵᠤ ᠠᠬᠤᠶᠢᠯᠠᠯ ᠢ ᠰᠢᠯᠢᠨ ᠰᠣᠩᠭᠤᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠪᠠᠯᠠ ᠮᠥᠩᠭᠦ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠠᠴᠠ ᠢᠵᠢ ᠪᠦᠷᠢᠳᠦᠭᠦᠯᠦᠭᠰᠡᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠤᠯᠠᠮᠵᠢᠯᠠᠯᠲᠤ ᠦᠢᠯᠡᠳᠬᠦ ᠦᠢᠯᠡᠰ ᠤᠨ ᠲᠣᠭᠠᠴᠢᠯᠠᠭᠰᠠᠨ ᠣᠶᠣᠨᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠣᠷᠣᠨ ᠤ ᠳᠣᠲᠣᠷᠠᠬᠢ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠪᠦᠲᠦᠮᠵᠢᠲᠡᠶ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠵᠤ᠂ ︽ᠨᠢᠭᠡ ᠪᠦᠯᠦᠭ ᠢ ᠲᠤᠷᠰᠢᠨ ᠪᠦᠲᠦᠭᠡᠵᠦ᠂ ᠨᠢᠭᠡ ᠬᠡᠰᠡᠭ ᠢ ᠳᠠᠶᠢᠴᠢᠯᠠᠬᠤ︾ ᠬᠠᠷᠠᠯᠲᠠ ᠶᠢ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ