ᠬᠥᠬᠡᠬᠤᠲᠠ ᠶᠢᠨ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠫᠠᠶᠢᠰᠠ ᠰᠡᠬᠦᠬᠦ ᠵᠢᠴᠢ ᠵᠠᠰᠠᠮᠠᠯ ᠵᠠᠮ ᠤᠨ ᠭᠠᠷᠠᠮ ᠢ ᠥᠭᠡᠷᠡᠴᠢᠯᠡᠬᠦ ᠢᠨᠵᠧᠨᠧᠷᠢᠩ ᠤᠨ ᠠᠵᠢᠯ ᠡᠬᠢᠯᠡᠭᠦᠯᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/7/22
      ︵ᠰᠤᠷᠪᠤᠯᠵᠢᠯᠠᠭᠴᠢ ᠶᠠᠩ ᠼᠠᠢ ᠰᠢᠶᠠ︶ 7 ᠳ᠋ᠤᠭᠠᠷ ᠰᠠᠷ᠎ᠠ ᠶᠢᠨ 19 ᠤ ᠡᠳᠦᠷ᠂ ᠬᠥᠬᠡᠬᠤᠲᠠ ᠶᠢᠨ ᠳᠣᠤᠷ᠎ᠠ ᠤᠭᠲᠠᠷᠭᠤᠢ ᠵᠢᠨ‌ᠠᠵᠤ ᠠᠬᠤᠶ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠫᠠᠶᠢᠰᠠ ᠰᠡᠬᠦᠬᠦ ᠵᠢᠴᠢ ᠵᠠᠰᠠᠮᠠᠯ ᠵᠠᠮ ᠤᠨ ᠭᠠᠷᠠᠮ ᠢ ᠥᠭᠡᠷᠡᠴᠢᠯᠡᠬᠦ ᠢᠨᠵᠧᠨᠧᠷᠢᠩ ᠤᠨ ᠠᠵᠢᠯ ᠡᠬᠢᠯᠡᠭᠦᠯᠬᠦ ᠶᠣᠰᠣᠯᠠᠯ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠶᠠᠪᠤᠭᠳᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠬᠡᠬᠤᠲᠠ ᠶᠢᠨ ᠳᠣᠤᠷ᠎ᠠ ᠤᠭᠲᠠᠷᠭᠤᠢ ᠶᠢᠨ ᠠᠵᠤ ᠠᠬᠤᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠤᠭᠯᠠᠷᠠᠯ ᠤᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡᠪᠡᠷ ᠫᠠᠶᠢᠰᠠ ᠰᠡᠬᠦᠪᠡ᠃      ᠳᠤᠮᠳᠠᠳᠤ ᠤᠯᠤᠰ ᠤᠨ ᠳᠣᠤᠷ᠎ᠠ ᠤᠭᠲᠠᠷᠭᠤᠢ ᠶᠢᠨ ᠠᠵᠤ ᠦᠢᠯᠡᠰ ᠤᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠥᠭᠵᠢᠯᠲᠡ ᠶᠢᠨ ᠨᠡᠶᠢᠭᠡᠮᠯᠢᠭ ᠤᠨ ᠳᠠᠷᠤᠭ᠎ᠠ ᠰᠢᠦᠢ ᠴᠠᠩ ᠳ᠋ᠦᠩ ᠪᠠᠶᠠᠷ ᠤᠨ ᠦᠭᠡ ᠬᠡᠯᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ᠂ ᠬᠤᠯᠪᠣᠭᠳᠠᠯ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃      ᠲᠣᠰ ᠤᠳᠠᠭ᠎ᠠ ᠫᠠᠶᠢᠰᠠ ᠰᠡᠬᠦᠭᠳᠡᠭᠰᠡᠨ ᠬᠥᠬᠡᠬᠤᠲᠠ ᠶᠢᠨ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠨᠢ ᠠᠭᠠᠷ ᠤᠨ ᠨᠢᠰᠦᠭᠦᠷ ᠤᠨ ᠨᠢᠰᠬᠦ ᠪᠠᠭᠤᠷᠠᠬᠤ ᠲᠠᠯᠠᠪᠠᠶ᠂ ᠨᠢᠰᠦᠯᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ᠂ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠦᠢᠯᠡᠳᠬᠦ ᠦᠢᠯᠡᠰ ᠤᠨ ᠪᠦᠯᠦᠭᠯᠡᠯ᠂ ᠳᠣᠤᠷ᠎ᠠ ᠤᠭᠲᠠᠷᠭᠤᠢ ᠶᠢᠨ ᠨᠢᠰᠦᠯᠲᠡ ᠶᠢᠨ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠲᠥᠪ᠂ ᠳᠣᠤᠷ᠎ᠠ ᠤᠭᠲᠠᠷᠭᠤᠢ ᠶᠢᠨ ᠨᠢᠰᠦᠯᠲᠡ ᠶᠢᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠲᠥᠪ ᠵᠡᠷᠭᠡ ᠶᠢ ᠭᠤᠤᠯᠳᠠᠯᠭ᠎ᠠ ᠲᠠᠢ ᠲᠥᠯᠥᠪᠵᠢᠭᠦᠯᠦᠨ ᠪᠠᠶᠢᠷᠢᠯᠠᠭᠤᠯᠪᠠ︔ ᠡᠭᠦᠨ ᠤ ᠬᠠᠮᠲᠤ ᠡᠯᠡᠰᠦᠨ ᠨᠢᠷᠤᠭᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠤᠯᠤᠰ ᠤᠨ ᠲᠠᠰ ᠤᠨ ᠬᠠᠭᠤᠷᠠᠶ ᠵᠠᠮ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠢᠰᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠴᠤᠭᠯᠠᠷᠠᠯ ᠤᠨ ᠲᠥᠪ ᠵᠢᠴᠢ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯ ᠤᠨ ᠲᠣᠭᠤᠷᠢᠭ ᠤᠨ ᠳᠠᠪᠠᠭᠤᠯᠢᠭ ᠲᠤ ᠲᠦᠰᠢᠭᠯᠡᠨ᠂ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠲᠣᠨᠣᠭᠯᠠᠯ ᠦᠢᠯᠡᠳᠬᠦ ᠭᠠᠶᠢᠯᠢ ᠪᠠᠲᠤᠯᠠᠬᠤ ᠲᠥᠪ ᠢ ᠴᠢᠷᠮᠠᠶᠢᠨ ᠪᠠᠶᠢᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠢᠭᠡᠳᠦᠯᠲᠡᠶ ᠲᠥᠯᠥᠪᠯᠡᠨ ᠪᠠᠶᠢᠭᠤᠯᠤᠨ᠎ᠠ᠃      ᠲᠣᠰ ᠡᠳᠦᠷ ᠲᠤ ᠠᠵᠢᠯ ᠡᠬᠢᠯᠡᠭᠦᠯᠦᠭᠰᠡᠨ ᠵᠠᠰᠠᠮᠠᠯ ᠵᠠᠮ ᠤᠨ ᠭᠠᠷᠠᠮ ᠢ ᠥᠭᠡᠷᠡᠴᠢᠯᠡᠬᠦ ᠢᠨᠵᠧᠨᠧᠷᠢᠩ ᠤᠨ ᠲᠥᠷᠥᠯ ᠵᠦᠢᠯ ᠳᠤ 8.4 ᠲᠦᠮᠡᠨ ᠲᠡᠭᠰᠢ ᠳᠥᠷᠪᠡᠯᠵᠢᠨ ᠮᠧᠲᠷ ᠤᠨ ᠣᠯᠠᠨ ᠴᠢᠳᠠᠮᠵᠢᠳᠤ ᠭᠠᠶᠢᠯᠢ ᠪᠠᠲᠤᠯᠠᠬᠤ ᠬᠥᠮᠥᠷᠭᠡ ᠵᠡᠷᠭᠡ ᠶᠢ ᠪᠠᠭᠲᠠᠭᠠᠵᠤ᠂ ᠭᠠᠶᠢᠯᠢ ᠪᠠᠲᠤᠯᠠᠬᠤ ᠣᠶᠤᠨᠴᠢ ᠦᠢᠯᠡᠳᠭᠡᠯ᠂ ᠨᠢᠰᠬᠡᠯ ᠢ ᠪᠦᠲᠦᠨ ᠢᠶᠠᠷ ᠪᠢᠲᠡᠭᠦᠮᠵᠢᠯᠡᠨ ᠬᠠᠳᠠᠭᠠᠯᠠᠬᠤ᠂ ᠳᠡᠭᠡᠳᠦ ᠲᠠᠰ ᠤᠨ ᠰᠡᠯᠪᠢᠨ ᠵᠠᠰᠠᠵᠤ ᠵᠠᠳᠠᠯᠬᠤ ᠵᠡᠷᠭᠡ ᠳᠣᠤᠷ᠎ᠠ ᠤᠭᠲᠠᠷᠭᠤᠢ ᠶᠢᠨ ᠠᠵᠤ ᠠᠬᠤᠶ ᠶᠢᠨ ᠬᠠᠮᠢᠶ᠎ᠠ ᠪᠥᠬᠦᠶ ᠠᠵᠤ ᠦᠢᠯᠡᠰ ᠢ ᠪᠠᠶᠢᠷᠢᠰᠢᠭᠤᠯᠤᠨ ᠲᠠᠲᠠᠬᠤ ᠳᠤ ᠬᠡᠷᠡᠭᠯᠡᠨ᠎ᠡ᠃      ᠬᠤᠲᠠ ᠶᠢᠨ ᠤᠳᠤᠷᠢᠳᠤᠯᠭ᠎ᠠ ᠯᠢ ᠰᠢᠶᠣᠣ ᠶᠠᠨ᠂ ᠸᠠᠩ ᠢᠦᠢ ᠲᠢᠶᠠᠨ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ ᠶᠢᠨ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠣᠷᠣᠯᠴᠠᠭᠰᠠᠨ ᠪᠥᠭᠡᠳ ᠲᠤᠰᠬᠠᠢ ᠰᠡᠳᠦᠪᠲᠦ ᠲᠠᠶᠢᠯᠤᠮᠵᠢ ᠶᠢ ᠰᠣᠨᠣᠰᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ