ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠢᠨᠭᠡᠷ ᠰᠢᠨ᠎ᠡ ᠲᠣᠭᠤᠷᠢᠭ ᠤᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/22
ᠪᠤᠤ ᠭᠠᠩ ᠶᠠᠷᠢᠶ᠎ᠠ ᠲᠠᠯᠪᠢᠵᠤ ᠾᠧ ᠬᠠᠢ ᠳ᠋ᠦᠩ ᠯᠢ ᠵᠢᠶᠦ᠋ᠩ ᠼᠦᠢ ᠵᠧᠨ ᠦ᠋ ᠣᠷᠣᠯᠴᠠᠵᠠᠢ      ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 20 ᠤ ᠡᠳᠦᠷ᠂ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠢᠨᠭᠡᠷ ᠰᠢᠨ᠎ᠡ ᠲᠣᠭᠤᠷᠢᠭ ᠤᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠵᠤ᠂ ᠪᠦᠬᠦ ᠬᠤᠳᠠ ᠶᠢᠨ ᠥᠷᠭᠡᠨ ᠤᠯᠠᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠴᠢᠨᠠᠭᠰᠢᠳᠠ ᠵᠣᠷᠢᠭᠵᠢᠭᠤᠯᠵᠤ᠂ ᠠᠳᠠᠯᠢᠳᠬᠠᠬᠤ ᠰᠤᠷᠤᠯᠴᠠᠬᠤ ᠬᠥᠭᠡᠭᠡᠵᠦ ᠭᠦᠢᠴᠡᠬᠦ ᠳᠠᠪᠠᠵᠤ ᠭᠠᠷᠬᠤ᠂ ᠡᠷᠡᠯᠬᠡᠭᠯᠡᠨ ᠲᠡᠮᠡᠴᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ  ᠤᠷᠤᠨ ᠤ ᠲᠥᠪ ᠬᠤᠲᠠ ᠶᠢᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠶ ᠳ᠋ᠦᠩ ᠦᠨᠡᠯᠡᠯᠲᠡ ᠬᠢᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠥᠬᠦᠶ ᠬᠤᠲᠠ ᠶᠢᠨ ᠤᠳᠤᠷᠢᠳᠤᠯᠭ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃      ᠲᠤᠬᠠᠶ ᠶᠢᠨ ᠲᠠᠯᠠᠪᠠᠶ ᠶᠢᠨ ᠬᠤᠷᠠᠯ ᠪᠣᠯ ᠭᠠᠵᠠᠷ ᠣᠷᠣᠨ ᠤ ᠬᠥᠭᠵᠢᠯᠲᠡ ᠶᠢᠨ ᠦᠷ᠎ᠡ ᠪᠦᠲᠦᠮᠵᠢ ᠶᠢᠨ ᠲᠥᠪᠯᠡᠷᠡᠩᠭᠦᠶ ᠦᠵᠡᠭᠦᠯᠦᠯᠭᠡ ᠪᠣᠯᠬᠤ ᠮᠥᠷᠲᠡᠭᠡᠨ ᠪᠠᠰᠠ ᠴᠤ ᠡᠯ᠎ᠡ ᠬᠤᠰᠢᠭᠤ ᠰᠢᠶᠠᠨ ᠲᠣᠭᠤᠷᠢᠭ ᠤᠨ ᠬᠠᠷᠢᠯᠴᠠᠨ ᠰᠤᠷᠤᠯᠴᠠᠬᠤ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠪᠣᠯᠤᠨ᠎ᠠ᠃ ᠨᠢᠭᠡ ᠡᠳᠦᠷ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ᠂ ᠬᠤᠷᠢᠨᠭᠡᠷ ᠰᠢᠨ᠎ᠡ ᠲᠣᠭᠤᠷᠢᠭ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠬᠦᠨᠳᠡᠢ ᠶᠢᠨ ᠳ᠋ᠠᠶᠢᠲ᠋ᠠ ᠶᠢᠨ ᠲᠣᠮᠣ ᠠᠰᠠᠷ᠂ ᠬᠤᠷᠢᠨᠭᠡᠷ ᠰᠢᠨ᠎ᠡ ᠲᠣᠭᠤᠷᠢᠭ ᠤᠨ ᠣᠶᠤᠨᠴᠢ ᠦᠢᠯᠡᠳᠬᠦ ᠠᠵᠤ ᠦᠶ᠋ᠯᠡᠰ ᠤᠨ ᠬᠦᠷᠢᠶᠡᠯᠡᠩ᠂ ᠺᠧ ᠲᠦᠸᠧ ᠠᠮᠢᠳᠤ ᠪᠣᠳᠠᠰ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠰᠤᠳᠤᠯᠤᠨ ᠨᠡᠭᠡᠭᠡᠬᠦ ᠲᠥᠪ᠂ ᠵᠡᠷᠭᠡᠴᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠡᠯᠪᠡᠷᠢ ᠶᠢᠨ ᠪᠤᠳᠤᠯᠭ᠎ᠠ ᠶᠢᠨ ᠬᠦᠴᠦᠨ ᠤ ᠰᠠᠭᠤᠷᠢᠨ ᠭᠠᠵᠠᠷ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠡᠭᠦᠯᠡᠨ ᠬᠦᠨᠳᠡᠢ ᠶᠢᠨ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠠᠯ᠎ᠠ ᠨᠤᠲᠤᠭ ᠤᠨ ᠬᠡᠷ ᠤᠨ ᠲᠡᠵᠢᠭᠡᠪᠦᠷᠢ ᠶᠢᠨ ᠡᠭᠦᠯᠳᠡᠷ ᠤᠨ ᠰᠢᠨ᠎ᠡ ᠶᠢ ᠡᠭᠦᠳᠬᠦ ᠪᠠ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠱᠧᠨ ᠲᠦᠩ ᠤᠶᠤᠨᠲᠤ ᠡᠯᠧᠺᠲᠷᠤᠨ ᠬᠤᠳᠠᠯᠳᠤᠭᠠᠨ ᠤ ᠪᠠᠷᠠᠭᠠᠨ ᠤ ᠬᠦᠢᠯᠭᠡᠭᠡᠨ ᠤ ᠬᠦᠷᠢᠶᠡᠯᠡᠩ ᠵᠢᠴᠢ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ᠂ ᠬᠤᠸᠠ ᠸᠧᠢ ᠡᠭᠦᠯᠡ᠂ ᠳᠤᠮᠳᠠᠳᠤ ᠤᠯᠤᠰ ᠤᠨ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠣᠶᠤᠨᠴᠢ ᠲᠣᠭᠠᠴᠠᠭ᠎ᠠ ︵ᠳ᠋ᠠᠶᠢᠲ᠋ᠠ︶ ᠶᠢᠨ ᠲᠥᠪ ᠵᠡᠷᠭᠡ ᠭᠤᠤᠯᠳᠠᠯᠭ᠎ᠠ ᠲᠠᠢ ᠲᠥᠷᠥᠯ ᠵᠦᠶ᠋ᠯ ᠢ ᠲᠣᠭᠤᠷᠢᠨ ᠦᠵᠡᠪᠡ᠃ ᠡᠲᠡᠭᠡᠷ ᠲᠥᠷᠥᠯ ᠵᠦᠢᠯ ᠨᠢ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠬᠢᠮᠡᠯ ᠣᠶᠤᠨ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠤ ᠦᠢᠯᠡᠰ ᠢ ᠬᠠᠮᠤᠷᠴᠤ᠂ ᠰᠢᠨ᠎ᠡ ᠪᠠᠷ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠲᠠᠢ ᠮᠥᠷᠲᠡᠭᠡᠨ ᠪᠠᠰᠠ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠲᠠᠢ ᠪᠠᠶᠢᠨ᠎ᠠ︔ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠪᠡᠯᠭᠡ ᠲᠡᠮᠳᠡᠭ ᠤᠨ ᠴᠢᠨᠠᠷᠲᠠᠶ ᠴᠢᠬᠤᠯᠠ ᠶᠡᠭᠡ ᠲᠥᠷᠥᠯ ᠵᠦᠢᠯ ᠲᠠᠢ ᠮᠥᠷᠲᠡᠭᠡᠨ ᠪᠠᠰᠠ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠲᠠᠰ ᠳᠠᠪᠬᠤᠷᠭ᠎ᠠ ᠪᠠᠷ ᠥᠨᠳᠥᠷ ︽ᠲᠤᠰᠬᠠᠶ ᠨᠠᠷᠢᠯᠢᠭ ᠣᠨᠴᠠ ᠰᠢᠨ᠎ᠡ︾ ᠲᠥᠷᠥᠯ ᠵᠦᠢᠯ ᠲᠠᠢ ᠪᠠᠶᠢᠳᠠᠭ᠃ ᠤᠯᠠᠨ ᠢᠶᠠᠷ ᠢᠶᠠᠨ ᠨᠢᠭᠡ ᠵᠠᠮ ᠶᠠᠪᠤᠵᠤ᠂ ᠨᠢᠭᠡ ᠵᠠᠮ ᠠᠵᠢᠭᠯᠠᠵᠤ᠂ ᠰᠢᠨ᠎ᠡ ᠲᠣᠭᠤᠷᠢᠭ ᠤᠨ ᠠᠵᠠ ᠲᠣᠬᠢᠶᠠᠯ ᠢ ᠠᠮᠵᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠭᠰᠡᠨ᠂ ᠬᠤᠳᠠ ᠶᠢᠨ ᠳᠡᠳ᠋ ᠲᠥᠪ ᠢ ᠲᠦᠷᠭᠡᠨ ᠪᠦᠳᠦᠭᠡᠨ ᠪᠠᠶᠢᠭᠤᠯᠤᠭᠰᠠᠨ ᠢᠳᠡᠪᠬᠢᠲᠡᠢ ᠦᠷ᠎ᠡ ᠪᠦᠲᠦᠮᠵᠢ ᠶᠢ ᠣᠯᠵᠤ ᠬᠠᠷᠠᠨ᠂ ᠰᠢᠨ᠎ᠡ ᠲᠣᠭᠤᠷᠢᠭ ᠤᠨ ᠬᠢᠮᠡᠯ ᠤᠶᠤᠨ᠂ ᠣᠶᠤᠨᠴᠢ ᠦᠢᠯᠡᠳᠬᠦ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠤᠨ ᠦᠳᠲᠡᠷ ᠲᠦᠷᠭᠡᠨ ᠬᠥᠭᠵᠢᠨ ᠮᠠᠨᠳᠤᠭᠰᠠᠨ ᠠᠮᠢᠵᠢᠷᠠᠯ ᠤᠨ ᠬᠦᠴᠦᠨ ᠢ ᠣᠶᠢᠯᠠᠭᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠲᠡᠭᠡᠯ ᠵᠣᠷᠢᠭ ᠢ ᠨᠡᠩ ᠪᠠᠲᠤᠳᠬᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠬᠦ ᠬᠤᠳᠠ ᠶᠢᠨ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠤᠬᠠᠮᠰᠠᠷ ᠠᠴᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠲᠣᠭᠤᠷᠢᠨ ᠦᠵᠡᠵᠦ ᠰᠤᠷᠤᠯᠴᠠᠬᠤ ᠳᠤᠮᠳᠠ ᠰᠡᠳᠬᠢᠵᠦ ᠤᠬᠠᠭᠠᠷᠠᠨ᠂ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠠᠴᠠ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠰᠢᠰᠲ᠋ᠧᠮ ᠲᠠᠢ ᠲᠥᠯᠥᠪᠵᠢᠭᠦᠯᠭᠡ᠂ ᠠᠵᠠ ᠲᠣᠬᠢᠶᠠᠯ ᠢ ᠠᠮᠵᠢᠬᠤ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠪᠦᠯᠬᠦᠮ ᠨᠡᠶᠢᠲᠡ ᠪᠠᠷ ᠪᠣᠳᠠᠲᠠᠢ ᠠᠵᠢᠯᠯᠠᠬᠤ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠬᠤ ᠬᠡᠷᠡᠭᠲᠡᠢ᠃ ᠲᠦᠷᠦᠯ ᠵᠦᠢᠯ ᠢ ᠠᠳᠬᠤᠬᠤ᠂ ᠠᠵᠤ ᠦᠢᠯᠡᠰ ᠢ ᠠᠳᠬᠤᠬᠤ᠂ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠬᠤ ᠲᠣᠭᠲᠠᠯ ᠬᠦᠴᠦᠨ ᠪᠣᠯᠣᠨ ᠬᠠᠳᠠᠨ ᠵᠣᠷᠢᠭ ᠢ ᠪᠠᠷᠢᠮᠲᠠᠯᠠᠵᠤ᠂ ᠪᠣᠳᠠᠲᠠᠢ ᠲᠠᠢ ᠤᠶᠠᠯᠳᠤᠭᠤᠯᠤᠨ ᠲᠤᠰ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠭᠦᠨᠵᠡᠭᠡᠢ ᠪᠣᠳᠠᠲᠠᠢ ᠰᠦᠪᠡᠭᠴᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠵᠣᠷᠢᠭᠲᠠᠢ ᠴᠢᠳᠠᠮᠠᠭᠠᠢ ᠠᠵᠢᠯᠯᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠤᠷᠤᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠬᠤᠷᠠᠮᠳᠤᠭᠤᠯᠬᠤ ᠬᠡᠷᠡᠭᠲᠡᠢ ᠬᠡᠵᠦ ᠴᠢᠬᠤᠯᠠᠴᠢᠯᠠᠵᠠᠢ᠃      ᠬᠤᠷᠠᠯ ᠠᠴᠠ ᠱᠠᠭᠠᠷᠳᠠᠭᠰᠠᠨ ᠨᠢ᠂ ᠬᠤᠷᠢᠨᠭᠡᠷ ᠰᠢᠨ᠎ᠡ ᠲᠣᠭᠤᠷᠢᠭ ᠨᠢ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠪᠣᠯᠤᠭᠰᠠᠨ ᠤ ᠬᠤᠪᠢ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠪᠤᠳᠤᠯᠭ᠎ᠠ ᠶᠢᠨ ᠬᠦᠴᠦᠨ᠂ ᠬᠠᠭᠠᠰ ᠳᠠᠮᠵᠢᠭᠤᠯᠤᠭᠴᠢ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂  ᠤᠭᠲᠠᠷᠭᠤᠢ ᠶᠢᠨ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠢᠮᠡᠯ ᠤᠶᠤᠨ᠂ ᠠᠮᠢ ᠨᠠᠰᠤᠨ ᠤ ᠰᠢᠨᠵᠢᠯᠡᠬᠦ ᠤᠬᠠᠭᠠᠨ᠂ ᠢᠷᠡᠭᠡᠳᠦᠢ ᠶᠢᠨ ᠮᠠᠲ᠋ᠧᠷᠢᠶᠠᠯ ᠵᠡᠷᠭᠡ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠯᠠᠭᠤᠯᠬᠤ ᠬᠡᠷᠡᠭᠲᠡᠢ᠃ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠡᠷᠬᠢᠨ ᠲᠣᠭᠤᠷᠢᠨ ᠤ ᠬᠤᠰᠢᠭᠤ ᠰᠢᠶᠠᠨ ᠲᠣᠭᠤᠷᠢᠭ ᠤᠨ ᠠᠵᠤ ᠦᠢᠯᠡᠰ ᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠪᠡᠶᠡᠯᠡᠭᠦᠯᠬᠦ ᠬᠡᠷᠡᠭᠲᠡᠢ ᠭᠡᠵᠡᠢ᠃      
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ