ᠬᠥᠬᠡᠬᠤᠲᠠ ᠶᠢᠨ 520 ᠴᠢᠬᠤᠯᠠ ᠶᠡᠭᠡ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/7/22
     ︵ᠰᠤᠷᠪᠤᠯᠵᠢᠯᠠᠭᠴᠢ ᠶᠦᠨ ᠶᠠᠨ ᠹᠠᠩ︶ 2024 ᠣᠨ ᠳᠤ᠂ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ 520 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠨᠢᠭᠡᠨᠲᠡ ᠪᠦᠬᠦᠨ ᠢ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠪᠥᠭᠡᠳ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠴᠢᠬᠤᠯᠠ ᠵᠠᠩᠭᠢᠯᠠᠭ᠎ᠠ ᠶᠢᠨ ᠴᠡᠭ ᠢ ᠤᠭᠲᠤᠨ ᠠᠪᠴᠢᠷᠠᠪᠠ᠃ ᠡᠭᠦᠨ ᠳᠤ᠂ ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ 2 × 660MW ᠮᠠᠰᠢᠨ ᠴᠣᠭᠴᠠᠯᠠᠪᠤᠷᠢ ᠶᠢᠨ ᠢᠵᠢ ᠪᠥᠷᠢᠳᠦᠭᠦᠯᠬᠦ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠢᠨᠵᠧᠨᠧᠷᠢᠩ᠂ ᠲᠢᠶᠠᠨ ᠬᠤᠤ ᠶᠡᠷᠦᠩᠬᠡᠶᠢᠯᠡᠨ ᠠᠰᠢᠭᠯᠠᠬᠤ ᠵᠢᠯ ᠤᠨ 130 ᠲᠦᠮᠡᠨ ᠲᠣᠨ ᠰᠢᠯ ᠰᠢᠷᠬᠡᠭ ᠤᠨ ᠦᠨᠳᠦᠰᠦᠨ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ 10 ᠴᠢᠬᠤᠯᠠ ᠶᠡᠭᠡ ᠲᠥᠷᠥᠯ ᠵᠦᠢᠯ ᠢ ᠨᠢᠭᠡᠨᠲᠡ ᠳᠠᠭᠤᠰᠬᠠᠨ ᠠᠰᠢᠭᠯᠠᠯᠲᠠ ᠳᠤ ᠣᠷᠣᠭᠤᠯᠪᠠ︔ ᠰᠢᠨ᠎ᠡ ᠨᠢᠰᠬᠡᠯ ᠤᠨ ᠪᠠᠭᠤᠳᠠᠯ ᠤᠨ ᠭᠤᠤᠯ ᠠᠶᠠᠯᠠᠯ ᠤᠨ ᠥᠷᠲᠡᠭᠡᠨ ᠤ ᠠᠰᠠᠷ᠂ S43 ᠨᠢᠰᠬᠡᠯ ᠤᠨ ᠪᠠᠭᠤᠳᠠᠯ ᠤᠨ ᠦᠨᠳᠦᠷ ᠬᠤᠷᠳᠤᠴᠠᠲᠤ ᠵᠠᠰᠠᠮᠠᠯ ᠵᠠᠮ᠂ ᠬᠤᠶᠠᠳᠤᠭᠠᠷ ᠡᠮᠨᠡᠯᠭᠡ ᠶᠢᠨ ᠬᠤᠷᠢᠶᠠᠨ ᠤ ᠨᠡᠭᠦᠯᠭᠡᠨ ᠪᠠᠶᠢᠭᠤᠯᠬᠤ ᠲᠥᠷᠥᠯ ᠵᠦᠢᠯ ᠢ ᠲᠦᠷᠭᠡᠨ ᠪᠥᠲᠥᠭᠡᠨ ᠪᠠᠶᠢᠭᠤᠯᠵᠤ᠂ ᠭᠤᠤᠯ ᠴᠣᠭᠴᠠ ᠶᠢᠨ ᠪᠠᠷᠢᠯᠭ᠎ᠠ ᠶᠢ ᠨᠢᠭᠡᠨᠲᠡ ᠪᠠᠶᠢᠭᠤᠯᠵᠤ ᠳᠠᠭᠤᠰᠬᠠᠨ ᠶᠠᠭ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠠᠵᠢᠯ ᠬᠢᠵᠦ ᠪᠠᠶᠢᠨ᠎ᠠ︔ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠲᠥᠷᠥᠯ ᠵᠦᠢᠯ᠂  ᠬᠠᠯᠠᠭᠤᠨ ᠳᠤᠯᠠᠭᠠᠨ ᠤ ᠢᠨᠵᠧᠨᠧᠷᠢᠩ ᠤᠨ ᠲᠥᠷᠥᠯ ᠵᠦᠢᠯ ᠵᠢᠴᠢ ᠬᠤᠭᠤᠯᠠᠶ ᠲᠣᠤᠷ ᠤᠨ ᠢᠨᠵᠧᠨᠧᠷᠢᠩ ᠵᠡᠷᠭᠡ ᠲᠥᠷᠥᠯ ᠵᠦᠢᠯ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠶᠠᠭ ᠲᠦᠷᠭᠡᠪᠴᠢᠯᠡᠨ ᠪᠥᠲᠥᠭᠡᠨ ᠪᠠᠶᠢᠭᠤᠯᠵᠤ ᠪᠠᠶᠢᠨ᠎ᠠ᠃      ᠳᠣᠣᠷ᠎ᠠ ᠬᠠᠭᠠᠰ ᠵᠢᠯ ᠳᠤ᠂ ᠬᠥᠬᠡᠬᠤᠲᠠ ᠤᠶᠤᠨ ᠴᠢᠳᠠᠯ ᠢᠶᠠᠨ ᠲᠥᠪᠯᠡᠷᠡᠭᠦᠯᠦᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠬᠤᠯᠠ ᠶᠡᠭᠡ ᠲᠦᠷᠦᠯ ᠵᠦᠢᠯ ᠤᠨ ᠲᠦᠷᠭᠡᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠪᠦᠬᠦ ᠵᠢᠯ ᠤᠨ ᠪᠡᠯᠡ ᠣᠷᠣᠭᠤᠯᠤᠯᠲᠠ ᠶᠢᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃         
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ