ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2024/7/23
ᠪᠣᠣ ᠭᠠᠩ ᠬᠤᠷᠠᠯ ᠢ ᠡᠷᠬᠢᠯᠡᠵᠡᠢ      7 ᠳ᠋ᠤᠭᠠᠷ ᠰᠠᠷ᠎ᠠ ᠶᠢᠨ 22 ᠤᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠬᠤᠷᠠᠯ ᠳᠡᠭᠡᠷ᠎ᠡ ᠬᠢᠭᠰᠡᠨ ᠠᠵᠢᠯ ᠤᠨ ᠢᠯᠡᠳᠬᠡᠯ ᠪᠠ ᠴᠢᠬᠤᠯᠠ ᠶᠠᠷᠢᠶ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠱᠠᠭᠠᠷᠳᠠᠯᠭ᠎ᠠ᠂ ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠤᠯᠤᠰ ᠲᠦᠷᠦᠴᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷ᠂ ᠵᠢᠯᠣᠭᠤᠳᠬᠤ ᠴᠢᠨᠠᠷ ᠲᠠᠢ ᠶᠤᠮ᠃ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠪᠣᠯ ᠰᠢᠨ᠎ᠡ ᠠᠶᠠᠨ ᠵᠠᠮ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠃ ᠪᠦᠬᠦ ᠬᠤᠳᠠ ᠪᠠᠷ ᠢᠶᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠣᠷᠣᠨ ᠤ ᠲᠥᠪ ᠬᠤᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠠᠴᠠ ᠨᠠᠭᠠᠰᠢᠬᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢᠨ ᠦᠨᠳᠦᠰᠦ ᠪᠣᠯ ᠶᠡᠷᠦᠩᠬᠡᠢ ᠱᠦᠵᠢ ᠰᠢ ᠶᠢᠨ ᠫᠢᠩ ᠠᠶᠠᠨ ᠢ ᠤᠳᠤᠷᠢᠳᠤᠨ ᠵᠢᠯᠣᠭᠤ ᠶᠢ ᠠᠳᠬᠤᠭᠰᠠᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ ᠭᠡᠳᠡᠭ ᠢ ᠭᠦᠨᠵᠡᠭᠡᠢ ᠣᠶᠢᠯᠠᠭᠠᠬᠤ ᠬᠡᠷᠡᠭᠲᠡᠢ᠃ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ ᠪᠣᠯᠬᠤ ᠶᠢ ᠭᠦᠨᠵᠡᠭᠡᠢ ᠣᠶᠢᠯᠠᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠰᠠᠭᠤᠳᠠᠯ ᠳᠤ ᠴᠢᠭᠯᠡᠭᠦᠯᠵᠦ᠂ ᠠᠰᠠᠭᠤᠳᠠᠯ ᠢ ᠠᠩᠬᠠᠷᠤᠨ ᠰᠠᠶᠢᠵᠢᠷᠠᠭᠤᠯᠵᠤ᠂ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠶᠠᠪᠤᠴᠠ ᠳᠠᠬᠢ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠪᠠ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠳᠤ ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ᠂ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠪᠣᠯᠣᠨ ᠠᠵᠤ ᠠᠬᠤᠢ᠂ ᠤᠯᠤᠰ ᠲᠥᠷᠥ᠂ ᠰᠣᠶᠣᠯ᠂ ᠠᠮᠢ ᠠᠬᠤᠢ᠂ ᠠᠷᠠᠳ ᠤᠨ ᠠᠮᠢᠳᠤᠷᠠᠯ ᠵᠡᠷᠭᠡ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠵᠤ᠂ ᠣᠷᠣᠨ ᠤ ᠲᠥᠪ ᠬᠤᠲᠠ ᠶᠢᠨ ᠠᠵᠢᠯ ᠲᠠᠢ ᠤᠶᠠᠯᠳᠤᠭᠤᠯᠤᠨ᠂ ᠰᠢᠰᠲ᠋ᠧᠮ ᠲᠠᠢ ᠲᠥᠯᠥᠪᠯᠡᠵᠦ᠂ ᠵᠣᠷᠢᠭᠲᠠᠢ ᠪᠠᠷ ᠰᠦᠪᠡᠭᠴᠢᠯᠡᠵᠦ᠂ ᠨᠡᠩ ᠤᠯᠠᠨ ᠬᠥᠲᠥᠯᠥᠨ ᠳᠠᠭᠠᠭᠤᠯᠬᠤ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ ᠭᠡᠳᠡᠭ ᠢ ᠭᠦᠨᠵᠡᠭᠡᠢ ᠣᠶᠢᠯᠠᠭᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠪᠦᠬᠦ ᠬᠤᠳᠠ ᠳᠤ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠵᠤ᠂ ᠱᠠᠯᠠᠪᠳᠠᠨ ᠵᠣᠬᠢᠶᠠᠨ ᠪᠠᠶᠢᠭᠤᠯᠤᠨ ᠲᠠᠶᠢᠴᠢᠯᠠᠵᠤ᠂ ᠰᠤᠷᠤᠯᠴᠠᠯᠭ᠎ᠠ ᠪᠣᠯᠪᠠᠰᠤᠷᠠᠯ ᠢ ᠰᠠᠶᠢᠲᠤᠷ ᠠᠳᠬᠤᠵᠤ᠂ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠢᠭᠡ ᠴᠣᠭᠴᠠᠵᠢᠭᠤᠯᠤᠨ ᠰᠤᠷᠤᠯᠴᠠᠨ ᠲᠤᠭᠤᠰᠢᠯᠠᠭᠤᠯᠵᠤ᠂ ᠭᠤᠷᠪᠠᠳᠤᠭᠠᠷ ᠪᠦᠬᠦᠳᠡ ᠬᠤᠷᠠᠯ ᠳᠡᠭᠡᠷ᠎ᠡ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠠᠢ ᠠᠵᠢᠯᠯᠠᠭ᠎ᠠ ᠪᠣᠯᠣᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠱᠠᠨᠰᠢ ᠶᠢᠨ ᠱᠠᠩ ᠯᠦᠸᠧ ᠬᠤᠲᠠ ᠶᠢᠨ ᠵᠠᠱᠦ᠋ᠢ ᠰᠢᠶᠠᠨ ᠤ ᠬᠢᠯᠢ ᠳᠣᠲᠣᠷᠠᠬᠢ ᠲᠦᠷᠭᠡᠨ ᠤ ᠵᠠᠮ ᠤᠨ ᠬᠥᠭᠦᠷᠭᠡ ᠨᠤᠷᠠᠭᠰᠠᠨ ᠤᠴᠢᠷ ᠲᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ︾ ᠶᠢᠨ ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠡᠷᠬᠡᠪᠰᠢ ᠥᠪᠡᠷ ᠢ ᠪᠠᠨ ᠢᠲᠡᠭᠡᠵᠦ ᠪᠡᠶ᠎ᠡ ᠪᠠᠨ ᠳᠠᠭᠠᠭᠠᠬᠤ︾ ᠶᠢ ᠪᠠᠷᠢᠮᠲᠠᠯᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠭᠠᠳᠠᠭᠠᠳᠤ ᠨᠡᠭᠡᠭᠡᠯᠲᠡ ᠵᠡᠷᠭᠡ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ