ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠰᠢᠨ᠎ᠡ ᠲᠠᠯᠠᠪᠤᠷ ᠢ ᠡᠭᠦᠳᠦᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2024/7/23
20240723.jpg
      ᠣᠶᠢᠷ᠎ᠠ ᠳᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠲᠦᠮᠡᠳ ᠵᠡᠭᠦᠨ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠥᠮᠦᠵᠢᠯ ᠤᠨ ᠦᠵᠡᠭᠦᠯᠭᠡ ᠶᠢᠨ ᠲᠢᠩᠬᠢᠮ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠭᠥᠷᠳᠡᠵᠦ᠂ ᠠᠵᠢᠯᠲᠠᠨ ᠤ ᠬᠤᠪᠢᠰᠬᠠᠯ ᠤᠨ ᠥᠯᠢᠭᠡᠷ ᠬᠡᠯᠡᠬᠦ ᠶᠢ ᠰᠣᠨᠣᠰᠪᠠ᠃      ᠣᠶᠢᠷ᠎ᠠ ᠶᠢᠨ ᠵᠢᠯ ᠳᠤ᠂ ᠲᠦᠮᠡᠳ ᠵᠡᠭᠦᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠣᠲᠣ ᠶᠢᠨ ᠪᠠᠶᠢᠭ᠎ᠠ ᠡᠬᠢ ᠪᠠᠶᠠᠯᠢᠭ ᠲᠠᠭᠠᠨ ᠰᠠᠭᠤᠷᠢᠯᠠᠨ᠂ ︽ᠤᠯᠠᠭᠠᠨ ᠬᠥᠬᠡ ᠶᠢ ᠠᠭᠤᠰᠤᠯᠴᠠᠭᠤᠯᠬᠤ︾ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠢ ᠤᠶᠠᠯᠳᠤᠭᠤᠯᠬᠤ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ︽ᠤᠯᠤᠰ ᠢᠶᠠᠨ ᠬᠠᠶᠢᠷᠠᠯᠠᠬᠤ ᠤᠯᠠᠭᠠᠨ︾ ᠪᠠ ︽ᠰᠢᠨᠵᠢᠯᠡᠬᠦ ᠤᠬᠠᠭᠠᠨ ᠮᠡᠷᠭᠡᠵᠢᠯ ᠤᠨ ᠬᠥᠬᠡ︾ ᠶᠢ ᠣᠷᠭᠠᠨᠢᠭ ᠢᠶᠠᠷ ᠠᠭᠤᠰᠤᠯᠴᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠥᠨᠳᠥᠷ ᠪᠠᠷᠢᠮᠵᠢᠶ᠎ᠠ ᠪᠠᠷ ᠵᠢᠷᠤᠵᠤ ᠲᠥᠯᠥᠪᠯᠡᠨ ᠪᠥᠲᠥᠭᠡᠨ ᠪᠠᠶᠢᠭᠤᠯᠬᠤ ᠶᠢᠨ ᠬᠠᠮᠲᠤ ᠠᠳᠠᠯᠢ ᠪᠤᠰᠤ ᠬᠥᠮᠦᠰ ᠤᠨ ᠰᠤᠷᠭᠠᠨ ᠬᠥᠮᠦᠵᠢᠯ ᠤᠨ ᠬᠡᠷᠡᠭᠴᠡᠭᠡ ᠪᠠ ᠭᠥᠯᠢᠶᠡᠨ ᠠᠪᠬᠤ ᠣᠨᠴᠠᠯᠢᠭ ᠢ ᠦᠨᠳᠦᠰᠦᠯᠡᠨ᠂ ᠦᠵᠡᠭᠦᠯᠦᠯᠭᠡ ᠶᠢᠨ ᠲᠢᠩᠬᠢᠮ ᠳᠤ ᠵᠢᠷᠤᠭ ᠪᠢᠴᠢᠭ ᠢ ᠤᠶᠠᠯᠳᠤᠭᠤᠯᠬᠤ᠂ ᠬᠠᠷᠠᠭᠠᠨ ᠳᠠᠪᠲᠠᠮᠵᠢ ᠪᠠᠷ ᠲᠠᠶᠢᠯᠪᠤᠷᠢᠯᠠᠬᠤ᠂ VR ᠢᠶᠠᠷ ᠣᠶᠢᠯᠠᠭᠠᠬᠤ ᠵᠡᠷᠭᠡ ᠠᠷᠭ᠎ᠠ ᠬᠡᠯᠪᠡᠷᠢ ᠶᠢ ᠥᠷᠭᠡᠨ ᠢᠶᠠᠷ ᠬᠡᠷᠡᠭᠯᠡᠵᠦ᠂ ᠲᠦᠮᠡᠳ ᠵᠡᠭᠦᠨ ᠬᠤᠰᠢᠭᠤᠨ ᠤ ᠭᠦᠨ ᠵᠤᠵᠠᠭᠠᠨ ᠬᠤᠪᠢᠰᠬᠠᠯ ᠤᠨ ᠡᠬᠢ ᠪᠠᠶᠠᠯᠢᠭ ᠢ ᠠᠮᠢᠳᠤᠯᠢᠭ ᠢᠶᠠᠷ ᠳᠡᠯᠭᠡᠨ ᠦᠵᠡᠭᠦᠯᠵᠦ᠂ ᠣᠯᠠᠨ ᠳᠤ ᠲᠣᠭᠤᠷᠢᠨ ᠦᠵᠡᠬᠦ ᠳᠤᠮᠳᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠣᠶᠢᠯᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠨᠡᠮᠡᠭᠳᠡᠭᠦᠯᠦᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠰᠣᠷᠪᠤᠯᠵᠢᠯᠠᠬᠴᠢ ᠠᠷᠢᠭᠤᠨ᠎ᠠ ᠰᠠᠭᠦᠲᠠᠷᠯᠠᠪᠠ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ