ᠪᠣᠣ ᠭᠠᠩ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠣᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/24
      7 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯᠣᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠣᠯᠠᠨ ᠤᠯᠤᠰ ᠤᠨ ᠠᠷᠠᠯᠵᠢᠶᠠᠨ ᠤ ᠲᠥᠪ ᠤᠨ ᠲᠣᠮᠣ ᠠᠰᠠᠷ ᠲᠤ᠂ ᠪᠣᠣ ᠭᠠᠩ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠪᠣᠯᠣᠨ ᠬᠦᠷᠢᠶᠡᠯᠡᠩ ᠲᠣᠭᠤᠷᠢᠭ ᠤᠨ ᠡᠵᠡᠩᠨᠡᠯᠲᠡ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠧᠢ ᠲᠧ ᠴᠢᠮᠡᠭᠡ ᠬᠤᠯᠪᠣᠭ᠎ᠠ᠂ ᠶᠢᠨ ᠪᠦᠦ ᠴᠠᠭᠠᠨ ᠠᠯᠲᠠ ᠫᠠᠯᠯᠠᠳᠢ ᠨᠠᠷᠢᠯᠢᠭ ᠪᠣᠯᠪᠠᠰᠤᠷᠠᠭᠤᠯᠬᠤ᠂ ᠦᠬᠡᠷᠴᠢᠨ ᠬᠡᠦᠬᠡᠳ ᠢᠳᠡᠭᠡᠨ ᠡᠳ᠋ᠰᠢᠭᠦᠯᠬᠦ᠂ ᠱᠠᠩ ᠮᠢᠩ ᠮᠠᠰᠢᠨ ᠲᠡᠷᠭᠡ᠂ ᠴᠧᠨ ᠭᠤᠸᠠᠩ ᠠᠮᠤ ᠲᠣᠰᠣ᠂ ᠪᠠᠢ ᠪᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠯᠡᠩ ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠳᠤ ᠭᠦᠨᠵᠡᠭᠡᠶᠢᠷᠡᠵᠦ᠂ ᠦᠢᠯᠡᠳᠪᠦᠷᠢᠯᠡᠯ ᠡᠵᠡᠩᠨᠡᠯᠲᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠪᠠᠶᠢᠳᠠᠯ ᠪᠣᠯᠣᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠭᠠᠶᠢᠯᠢ ᠪᠠᠲᠤᠯᠠᠬᠤ ᠣᠷᠣᠨ ᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠪᠠᠷᠠᠭᠠᠨ ᠤ ᠭᠦᠢᠯᠭᠡᠭᠡᠨ ᠤ ᠳᠥᠭᠦᠮ ᠳᠥᠲᠡ᠂ ᠬᠦᠷᠢᠶᠡᠯᠡᠩ ᠲᠣᠭᠤᠷᠢᠭ ᠪᠠ ᠭᠠᠷᠠᠮ ᠤᠨ ᠬᠤᠯᠪᠣᠭᠠᠯᠠᠨ ᠬᠥᠳᠡᠯᠦᠯᠴᠡᠬᠦ ᠵᠡᠷᠭᠡ ᠳᠠᠪᠠᠭᠤᠯᠢᠭ ᠲᠤ ᠲᠦᠰᠢᠭᠯᠡᠨ᠂ ᠭᠠᠳᠠᠭᠠᠳᠤ ᠠᠷᠠᠯᠵᠢᠶ᠎ᠠ ᠶᠢ ᠲᠠᠰᠤᠷᠠᠯᠲᠠ ᠦᠭᠡᠢ ᠥᠷᠭᠡᠳᠬᠡᠬᠦ ᠶᠢ ᠵᠣᠷᠢᠭᠵᠢᠭᠤᠯᠪᠠ᠃ ᠬᠦᠷᠢᠶᠡᠯᠡᠩ ᠲᠣᠭᠤᠷᠢᠭ ᠢ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ ᠦᠷ᠎ᠡ ᠠᠰᠢᠭ ᠪᠠ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃      ᠪᠠᠶᠢᠴᠠᠭᠠᠨ ᠰᠤᠳᠤᠯᠤᠯᠲᠠ ᠳᠤᠮᠳᠠ᠂ ᠪᠣᠣ ᠭᠠᠩ ᠬᠡᠯᠡᠬᠦ ᠳᠡᠭᠡᠨ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠪᠣᠯ ᠣᠷᠣᠨ ᠤ ᠲᠥᠪ ᠬᠤᠲᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠬᠢᠬᠦ ᠴᠢᠬᠤᠯᠠ ᠶᠡᠭᠡ ᠠᠵᠠ ᠲᠣᠬᠢᠶᠠᠯ ᠮᠥᠨ᠂ ︽ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ︾ ᠤᠯᠤᠰ ᠲᠥᠷᠥ ᠶᠢᠨ ᠥᠨᠳᠥᠷ ᠲᠤ ᠵᠣᠭᠰᠣᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠵᠢᠯ ᠳᠤ ᠨᠡᠩ ᠤᠯᠠᠨ ᠪᠣᠳᠠᠲᠤ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠳᠦᠷᠢᠮ ᠳᠤ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠴᠡᠪᠡᠷ ᠡᠨᠧᠷᠭᠢ᠂ ᠲᠣᠭᠠᠴᠢᠯᠠᠭᠰᠠᠨ ᠠᠵᠤ ᠠᠬᠤᠢ᠂ ᠠᠭᠠᠷ ᠤᠨ ᠭᠠᠷᠠᠮ ᠵᠡᠷᠭᠡ ᠬᠥᠬᠡᠬᠤᠲᠠ ᠶᠢᠨ ᠬᠡᠰᠡᠭ ᠣᠷᠣᠨ ᠤ ᠤᠨᠴᠠᠯᠢᠭᠳᠤ ᠠᠵᠤ ᠦᠢᠯᠡᠰ ᠪᠣᠯᠤᠨ ᠴᠢᠳᠠᠮᠵᠢᠳᠤ ᠣᠷᠣᠨ ᠪᠦᠰᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠪᠠᠷ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠭᠦᠳᠬᠦ ᠶᠢᠨ ᠳᠠᠭᠠᠤ ᠪᠦᠳᠦᠭᠡᠨ ᠪᠠᠶᠢᠭᠤᠯᠵᠤ᠂ ᠬᠦᠯᠢᠶᠡᠵᠦ ᠲᠦᠰᠢᠬᠦ ᠦᠵᠡᠯ ᠰᠠᠨᠠᠭ᠎ᠠ ᠶᠢ ᠲᠠᠶᠠᠭᠳᠠᠵᠤ᠂ ᠰᠠᠨᠠᠭᠠᠴᠢᠯᠠᠭ᠎ᠠ ᠠᠴᠠ ᠪᠠᠨ ᠥᠭᠡᠳᠡᠯᠡᠨ ᠳᠠᠪᠰᠢᠵᠤ᠂ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠰᠢᠪᠲᠤᠯᠤᠯᠲᠠ ᠬᠢᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠳᠤᠮᠳᠠᠳᠤ ᠧᠦ᠋ᠷᠣᠫᠠ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ᠂ ᠦᠨᠡᠲᠦ ᠲᠡᠮᠦᠷᠯᠢᠭ ᠡᠳ᠋ᠰᠢᠭᠦᠯᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠶᠢᠯᠢ ᠪᠠᠲᠤᠯᠠᠬᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ ᠵᠡᠷᠭᠡ ᠡᠵᠡᠩᠨᠡᠯᠲᠡ ᠶᠢᠨ ᠬᠡᠯᠪᠡᠷᠢ ᠶᠢ ᠬᠦᠴᠦᠷᠬᠡᠭᠵᠢᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠳᠣᠲᠣᠨᠣ ᠦᠢᠯᠡᠴᠢᠯᠡᠭᠡ ᠪᠠᠷ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠳᠤ ᠵᠣᠭᠤᠰ ᠣᠯᠭᠤᠵᠤ᠂ ᠬᠦᠷᠢᠶᠡᠯᠡᠩ ᠲᠣᠭᠤᠷᠢᠭ ᠢ ᠬᠥᠭᠵᠢᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠼᠤᠤ ᡁᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ