ᠬᠥᠬᠡᠬᠤᠲᠠ ᠪᠤᠭᠤᠲᠤ ᠣᠷᠳᠣᠰ ᠤᠨ ᠴᠠᠬᠢᠭᠤᠷ ᠲᠠᠯᠠᠰᠲᠤ ᠰᠢᠨ᠎ᠡ ᠮᠠᠲ᠋ᠧᠷᠢᠶᠠᠯ ᠵᠢᠴᠢ ᠭᠡᠷᠡᠯ ᠴᠡᠨᠡᠭ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢᠶᠠᠷ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2024/7/24
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠤᠨ ᠨᠡᠷᠡᠰ ᠢ ᠨᠡᠶᠢᠲᠡᠯᠡᠵᠦ᠂ ᠬᠥᠬᠡᠬᠤᠲᠠ ᠪᠤᠭᠤᠲᠤ ᠣᠷᠳᠣᠰ ᠤᠨ ᠴᠠᠬᠢᠭᠤᠷ ᠲᠠᠯᠠᠰᠲᠤ ᠰᠢᠨ᠎ᠡ ᠮᠠᠲ᠋ᠧᠷᠢᠶᠠᠯ ᠵᠢᠴᠢ ᠬᠡᠷᠡᠯ ᠴᠡᠨᠡᠭ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠵᠥᠪᠰᠢᠶᠡᠷᠡᠭᠳᠡᠪᠡ᠃      ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠪᠦᠲᠦᠭᠡᠨ ᠪᠠᠢᠭᠤᠯᠬᠤ ᠠᠵᠢᠯᠯᠠᠭ᠎ᠠ ᠶᠢᠨ ᠲᠥᠰᠦᠯ︾ ᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠣᠳᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠠᠭᠠᠨ ᠰᠠᠭᠤᠷᠢᠯᠠᠨ᠂ ᠴᠠᠬᠢᠭᠤᠷ ᠲᠠᠯᠠᠰᠲᠤ ᠰᠢᠨ᠎ᠡ ᠮᠠᠲ᠋ᠧᠷᠢᠶᠠᠯ ᠵᠢᠴᠢ ᠭᠡᠷᠡᠯ ᠴᠡᠨᠡᠭ ᠤᠨ ᠠᠵᠤ ᠦᠢᠯᠡᠰ ᠤᠨ ᠪᠥᠭᠡᠮᠨᠡᠷᠡᠯ ᠤᠨ ᠰᠢᠨ᠎ᠡ ᠶᠢ ᠡᠭᠦᠳᠦᠭᠰᠡᠨ ᠬᠥᠭᠵᠢᠯᠲᠡ ᠶᠢ ᠤᠷᠲᠤ ᠬᠤᠭᠤᠴᠠᠭ᠎ᠠ ᠪᠠᠷ ᠲᠦᠯᠬᠢᠨ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ᠂ ᠢᠯᠠᠩᠭᠤᠶ᠎ᠠ ᠦᠢᠯᠡᠳᠬᠦ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠪᠡ᠃ ᠣᠳᠣᠬᠠᠨ ᠳᠤ᠂ ᠬᠥᠬᠡᠬᠤᠲᠠ ᠶᠢᠨ ᠴᠠᠬᠢᠭᠤᠷ ᠲᠠᠯᠠᠰᠲᠤ ᠰᠢᠨ᠎ᠡ ᠮᠠᠲ᠋ᠧᠷᠢᠶᠠᠯ ᠵᠢᠴᠢ ᠭᠡᠷᠡᠯ ᠴᠡᠨᠡᠭ ᠤᠨ ᠠᠵᠤ ᠦᠢᠯᠡᠰ ᠤᠨ ᠪᠥᠭᠡᠮᠨᠡᠷᠡᠯ ᠤᠨ ᠳᠣᠲᠣᠷ᠎ᠠ ᠵᠦᠩ ᠬᠤᠸᠠᠨ ᠬᠡᠷᠡᠯ ᠴᠡᠨᠡᠭ᠂ ᠬᠤᠸᠠ ᠶᠣᠣ᠂ ᠵᠦᠩ ᠬᠤᠸᠠᠨ ᠲᠠᠯᠠᠰᠲᠤ ᠰᠢᠨ᠎ᠡ ᠮᠠᠲ᠋ᠧᠷᠢᠶᠠᠯ ᠤᠨ ᠠᠵᠤ ᠠᠬᠤᠶᠢᠯᠠᠯ ᠨᠡᠶᠢᠲᠡ 33 ᠪᠠᠶᠢᠨ᠎ᠠ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 23 ᠪᠠᠶᠢᠵᠤ᠂ 2023 ᠣᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠪᠠᠷᠤᠭ 470 ᠳ᠋ᠦᠩᠰᠢᠭᠤᠷ ᠲᠥᠭᠦᠷᠢᠭ ᠬᠦᠷᠴᠡᠶ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ