ᠬᠥᠬᠡᠬᠤᠲᠠ ᠶᠢᠨ ᠤᠯᠠᠭᠠᠨᠮᠥ᠋ᠴᠢᠷ ᠴᠢᠩ ᠱᠦᠢ ᠾᠧ ᠰᠢᠶᠠᠨ ᠳᠤ ᠬᠦᠷᠴᠦ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/24
      7 ᠳ᠋ᠤᠭᠠᠷ ᠰᠠᠷ᠎ᠠ ᠶᠢᠨ 17 ᠤ ᠡᠳᠦᠷ᠂ ᠬᠥᠬᠡᠬᠤᠲᠠ ᠶᠢᠨ ᠤᠯᠠᠭᠠᠨᠮᠥ᠋ᠴᠢᠷ ᠴᠢᠩ ᠱᠦᠢ ᠡᡁᠧ ᠰᠢᠶᠠᠨ ᠤ ᠶᠤᠸᠠᠨ ᠽᠢ ᠸᠠᠨ ᠲᠣᠰᠬᠤᠨ᠂ ᠳ᠋ᠠ ᠸᠠᠨ ᠽᠢ ᠲᠣᠰᠬᠤᠨ ᠳᠤ ᠲᠤᠰ ᠲᠤᠰ ᠬᠦᠷᠴᠦ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠵᠢᠴᠢ         ︽ᠠᠮᠢᠳᠤᠷᠠᠯ ᠳᠤ ᠭᠦᠨᠵᠡᠭᠡᠶᠢᠷᠡᠨ ᠠᠷᠠᠳ ᠲᠦᠮᠡᠨ ᠤ ᠳᠤᠮᠳᠠ ᠦᠨᠳᠦᠰᠦᠯᠡᠬᠦ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠥᠷᠨᠢᠭᠦᠯᠪᠡ᠃      ᠢᠷᠠᠭᠤ ᠰᠠᠶᠢᠬᠠᠨ ᠲᠠᠯ᠎ᠠ ᠨᠤᠲᠤᠭ ᠤᠨ ᠮᠠᠭᠲᠠᠭᠠᠯ ᠳᠠᠭᠤᠤ᠂ ᠤᠶᠠᠨ ᠰᠠᠶᠢᠬᠠᠨ ᠪᠥᠵᠢᠭ᠂ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠰᠢ ᠵᠦᠴᠦᠭᠡ ᠶᠢᠨ ᠲᠣᠭᠯᠠᠯᠲᠠ ᠨᠢ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠠᠭᠤᠯᠤᠭᠳᠠᠬᠤᠨ ᠢ ᠭᠦᠢᠴᠡᠳ ᠢᠯᠡᠷᠡᠭᠦᠯᠵᠦ᠂ ᠨᠠᠮ ᠤᠨ ᠲᠠᠭᠤᠨ ᠢ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠣᠯᠠᠨ ᠲᠦᠮᠡᠨ ᠤ ᠳᠡᠷᠭᠡᠳᠡ ᠳᠠᠮᠵᠢᠭᠤᠯᠵᠠᠶ᠃ ᠬᠥᠬᠡᠬᠤᠲᠠ ᠶᠢᠨ ᠤᠯᠠᠭᠠᠨᠮᠥ᠋ᠴᠢᠷ ᠤᠨ ᠰᠡᠳᠬᠢᠯ ᠲᠠᠯᠪᠢᠨ ᠡᠭᠦᠳᠦᠨ ᠪᠦᠲᠦᠭᠡᠭᠰᠡᠨ ᠬᠤᠶᠠᠷ ᠬᠥᠮᠦᠨ ᠤ ᠡᠯᠭᠦᠭᠡ ᠵᠦᠴᠦᠭᠡ ︽ᠥᠷᠢ ᠶᠢᠨ ᠪᠢᠴᠢᠭ︾ ᠨᠢ ᠠᠮᠢᠳᠤᠯᠢᠭ ᠦᠯᠢᠭᠡᠷ ᠤᠨ ᠦᠢᠯᠡ ᠪᠠᠶᠢᠳᠠᠯ ᠢᠶᠠᠷ ᠳᠠᠮᠵᠢᠭᠤᠯᠤᠨ᠂ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ᠂ ᠠᠬᠤᠢ ᠲᠠᠯᠠᠪᠠᠢ ᠳᠤ ᠠᠯᠠᠭ᠎ᠠ ᠲᠠᠰᠢᠯᠲᠠ ᠶᠢᠨ ᠳᠠᠭᠤᠨ ᠪᠣᠯᠤᠨ ᠬᠠᠰᠭᠢᠷᠬᠤ ᠳᠠᠭᠤᠨ ᠠᠳᠡ ᠲᠡᠨᠳᠡ ᠦᠭᠡᠢ ᠦᠷᠭᠦᠯᠵᠢᠯᠡᠵᠦ᠂ ᠦᠵᠡᠭᠴᠢᠳ ᠪᠠᠶᠢᠨ ᠪᠠᠶᠢᠨ ᠭᠠᠷ ᠤᠲᠠᠰᠤ ᠪᠠᠨ ᠭᠠᠷᠭᠠᠨ ᠭᠤᠢᠳᠠ ᠰᠠᠶᠢᠬᠠᠨ ᠲᠣᠭᠯᠠᠯᠲᠠ ᠶᠢ ᠲᠡᠮᠳᠡᠭᠯᠡᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ