ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/25
      ︵ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ︶ 7 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠨᠵᠢᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠮᠠᠨ ᠤ ᠬᠤᠲᠠ ᠶᠢᠨ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠡᠭᠡᠭᠰᠢᠯᠡᠭᠦᠯᠦᠨ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠳᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠨᠢ᠂ ᠶᠢᠨ ᠢᠦᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ ᠪᠦᠬᠦᠢ ᠪᠠᠶᠢᠳᠠᠯ ᠢ ᠣᠶᠢᠯᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠷᠬᠡ ᠲᠡᠭᠰᠢ ᠲᠥᠪ ᠭᠤᠣᠯᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠤᠶᠠᠨ ᠢᠶᠠᠷ ᠬᠠᠤᠯᠢ ᠬᠡᠷᠡᠭᠵᠢᠭᠦᠯᠬᠦ ᠪᠠ ᠪᠠᠭᠲᠠᠭᠠᠮᠵᠢᠲᠠᠢ ᠯᠠᠪᠳᠠᠭᠤᠨ ᠪᠣᠯᠭᠤᠮᠵᠢᠲᠠᠢ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠭᠡᠷ᠎ᠡ ᠭᠦᠢᠴᠡᠳᠬᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠦᠢᠯᠡᠰ ᠪᠦᠲᠦᠭᠡᠬᠦ ᠵᠠᠰᠠᠭ ᠤᠨ ᠣᠷᠳᠣᠨ ᠤ ᠰᠠᠶᠢᠨ ᠰᠠᠶᠢᠬᠠᠨ ᠬᠤᠷᠰᠢᠯᠴᠠᠭ᠎ᠠ ᠶᠢ ᠪᠡᠶᠡᠯᠡᠭᠦᠯᠬᠦ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠭᠠᠵᠠᠷ ᠰᠢᠷᠣᠶ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠶᠢ ᠰᠠᠶᠢᠲᠤᠷ ᠪᠠᠲᠤᠯᠠᠵᠤ᠂ ᠰᠢᠲᠠᠮᠠᠬᠠᠶ ᠬᠡᠶ ᠬᠡᠷᠡᠭᠯᠡᠬᠦ ᠥᠪᠡᠷ ᠤᠨ ᠥᠷᠲᠡᠭ ᠪᠠ ᠪᠥᠬᠦ ᠶᠠᠪᠤᠴᠠ ᠶᠢᠨ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠵᠡᠷᠭᠡ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢ ᠳᠡᠮᠵᠢᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠯᠲᠠ ᠶᠢ ᠴᠢᠩᠭ᠎ᠠ ᠵᠢᠷᠤᠮᠵᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠷᠬᠡ ᠲᠡᠭᠰᠢ ᠪᠠᠷ ᠬᠠᠮᠠᠭᠠᠯᠠᠬᠤ᠂ ᠰᠡᠵᠢᠭ ᠲᠠᠢ ᠶᠢ  ᠶᠠᠯ᠎ᠠ ᠪᠠᠷ ᠦᠵᠡᠬᠦ ᠦᠭᠡᠢ ᠵᠡᠷᠭᠡ ᠬᠠᠤᠯᠢ ᠴᠠᠭᠠᠵᠠ ᠶᠢᠨ ᠲᠦᠷᠦ ᠶᠢᠨ ᠪᠤᠳᠤᠯᠭ᠎ᠠ ᠪᠠ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠵᠤ ᠡᠵᠡᠩᠨᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃ ᠦᠢᠯᠡᠴᠢᠯᠡᠭᠡ ᠪᠠᠷ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠥᠨᠳᠥᠷ ᠪᠦᠲᠦᠮᠵᠢᠲᠡᠢ ᠳᠥᠭᠦᠮ ᠳᠥᠲᠡ ᠦᠢᠯᠡᠴᠢᠯᠡᠭᠡ ᠪᠠᠷ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠳᠤ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠬᠠᠩᠭᠠᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ