2024 ᠣᠨ ᠤ ᠬᠥᠬᠡᠬᠤᠲᠠ ᠶᠢᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠵᠢᠴᠢ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠪᠤᠰᠬᠠᠬᠤ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/7/25
      ︵ᠰᠤᠷᠪᠤᠯᠵᠢᠯᠠᠭᠴᠢ ᠯᠢᠦᠢ ᠬᠤᠢ ᠱᠧᠩ︶ 7 ᠳ᠋ᠤᠭᠠᠷ ᠰᠠᠷ᠎ᠠ ᠶᠢᠨ 24 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠡᠪᠯᠡᠯ ᠤᠨ ᠬᠤᠷᠢᠶ᠎ᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠬᠤᠲᠠ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠠᠴᠠ ᠭᠤᠤᠯᠯᠠᠨ ᠡᠷᠭᠢᠯᠡᠭᠰᠡᠨ 2024 ᠣᠨ ᠤ ᠬᠥᠬᠡᠬᠤᠲᠠ ᠶᠢᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠵᠢᠴᠢ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠪᠣᠰᠬᠠᠬᠤ ᠤᠷᠤᠯᠳᠤᠭᠠᠨ ᠬᠥᠬᠡᠬᠤᠲᠠ ᠶᠢᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠪᠣᠰᠬᠠᠬᠤ ᠬᠦᠷᠢᠶᠡᠯᠡᠩ ᠳᠤ ᠡᠬᠢᠯᠡᠪᠡ᠃      ᠤᠷᠤᠯᠳᠤᠭᠠᠨ ᠢ ᠰᠠᠶᠢᠨ ᠳᠤᠷ᠎ᠠ ᠶᠢᠨ ᠦᠢᠯᠡᠴᠢᠯᠡᠭᠡ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠪᠤᠰᠬᠠᠬᠤ ᠬᠤᠶᠠᠷ ᠤᠷᠤᠯᠳᠤᠭᠠᠨ ᠤ ᠵᠠᠮ ᠬᠤᠪᠢᠶᠠᠵᠤ᠂ ᠲᠦᠷᠦᠯ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠦᠬᠦ ᠲᠠᠯ᠎ᠠ ᠳᠠᠬᠢ ᠵᠢᠱᠢᠶ᠎ᠡ ᠦᠵᠡᠭᠦᠯᠬᠦ ᠤᠳᠤᠷᠢᠳᠤᠮᠵᠢ ᠶᠢᠨ ᠦᠢᠯᠡᠳᠦᠯ ᠢ ᠭᠤᠣᠯᠳᠠᠯᠭ᠎ᠠ ᠲᠠᠢ ᠢᠯᠡᠷᠡᠭᠦᠯᠪᠡ᠃ ᠤᠷᠤᠯᠳᠤᠭᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠬᠤ ᠵᠥᠪᠯᠡᠯ ᠠᠴᠠ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠮᠠᠲ᠋ᠧᠷᠢᠶᠠᠯ ᠢ ᠦᠵᠡᠬᠦ᠂ ᠲᠥᠷᠥᠯ ᠵᠦᠢᠯ ᠤᠨ ᠪᠠᠷᠢᠮᠲᠠᠲᠤ ᠹᠢᠯᠢᠮ ᠢ ᠦᠵᠡᠬᠦ᠂ ᠲᠥᠷᠥᠯ ᠵᠦᠢᠯ ᠤᠨ ᠬᠠᠷᠢᠭᠤᠴᠠᠯᠭᠠᠲᠠᠨ ᠲᠠᠢ  ᠠᠰᠠᠭᠤᠨ ᠲᠤᠲᠤᠷᠬᠠᠶᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠪᠯᠡᠷᠡᠭᠦᠯᠦᠨ ᠬᠢᠨᠠᠨ ᠲᠣᠭᠲᠠᠭᠠᠵᠤ᠂ ᠬᠠᠮᠤᠭ ᠡᠴᠦᠰ ᠲᠤ 3 ᠠᠯᠲᠠᠨ ᠱᠠᠩᠨᠠᠯ᠂ 6 ᠮᠥᠩᠭᠦᠨ ᠱᠠᠩᠨᠠᠯ᠂ 11 ᠭᠠᠤᠯᠢᠨ ᠱᠠᠩᠨᠠᠯ ᠢ ᠰᠢᠯᠭᠠᠷᠠᠭᠤᠯᠤᠨ ᠭᠠᠷᠭᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ