ᠭᠦᠭᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠭᠦᠭᠡᠬᠤᠲᠠ ᠶᠢᠨ ᠠᠪᠤᠷᠠᠨ ᠲᠤᠰᠠᠯᠠᠬᠤ ᠥᠷᠲᠡᠭᠡ | ᠠᠷᠠᠳ ᠤᠨ ᠶᠠᠪᠤᠳᠠᠯ ᠤᠨ ᠶᠠᠮᠤᠨ ᠤ ᠵᠥᠪᠰᠢᠶᠡᠷᠡᠯ ᠢᠶᠠᠷ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠣᠷᠣᠨ ᠪᠦᠰᠡ ᠶᠢᠨ ᠴᠢᠨᠠᠷᠲᠠᠢ ᠲᠥᠪ ᠤᠨ ᠲᠤᠷᠰᠢᠯᠲᠠ ᠶᠢᠨ | ᠨᠢᠭᠡᠴᠢ ᠪᠠᠷ ᠰᠣᠩᠭᠤᠭᠳᠠᠵᠠᠢ᠃ | ᠭᠦᠭᠡᠬᠤᠲᠠ ᠶᠢᠨ ᠠᠪᠤᠷᠠᠨ ᠲᠤᠰᠠᠯᠠᠬᠤ ᠥᠷᠲᠡᠭᠡ ︵ᠭᠦᠭᠡᠬᠤᠲᠠ ᠶᠢᠨ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠲᠥᠪ᠂ ᠭᠦᠭᠡᠬᠤᠲᠠ ᠶᠢᠨ | ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠢ ᠠᠪᠤᠷᠠᠨ ᠲᠤᠰᠠᠯᠠᠬᠤ ᠦᠷᠳᠡᠭᠡ︶ ᠪᠣᠯ ᠭᠦᠭᠡᠬᠤᠲᠠ ᠶᠢᠨ ᠴᠤᠷ ᠤᠨ ᠭᠠᠭᠴᠠ ᠲᠡᠨᠦᠭᠦᠯ ᠭᠤᠶᠢᠷᠠᠨᠴᠢᠳ ᠢ | ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠪᠣᠯᠣᠨ᠎ᠠ᠂ ᠭᠤᠣᠯᠳᠠᠭᠤ ᠪᠦᠭᠦ ᠬᠤᠲᠠ ᠶᠢᠨ ᠬᠡᠪᠴᠢᠶᠡᠨ ᠤ ᠠᠮᠢᠳᠤᠷᠠᠯ ᠨᠢ ᠨᠠᠶᠢᠳᠠᠪᠤᠷᠢ ᠦᠭᠡᠢ ᠪᠣᠯᠤᠭᠰᠠᠨ | ᠲᠡᠨᠦᠭᠦᠯ ᠭᠤᠶᠢᠷᠠᠨᠴᠢ ᠵᠡᠷᠭᠡ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠥᠰ ᠪᠠ ᠨᠠᠰᠤᠨ ᠳᠤ ᠦᠯᠦ ᠭᠦᠷᠦᠭᠰᠡᠳ ᠢ ᠲᠦᠷ ᠴᠠᠭ ᠠᠪᠤᠷᠠᠨ | ᠲᠤᠰᠠᠯᠠᠬᠤ᠂ ᠡᠮᠨᠡᠨ ᠠᠪᠤᠷᠠᠬᠤ᠂ ᠬᠠᠮᠢᠶᠠᠷᠬᠤ᠂ ᠰᠤᠷᠭᠠᠬᠤ᠂ ᠬᠠᠮᠠᠭᠠᠯᠠᠨ ᠬᠦᠷᠭᠡᠬᠦ ᠪᠠ ᠲᠥᠪᠬᠢᠨᠡᠭᠦᠯᠬᠦ ᠠᠵᠢᠯ ᠢ ᠡᠭᠦᠷᠭᠡᠯᠡᠵᠦ᠂ ᠭᠡᠷ ᠪᠦᠯᠢ ᠶᠢᠨ | ᠬᠦᠴᠦᠷᠬᠡᠭᠯᠡᠯ ᠳᠤ ᠤᠴᠠᠷᠠᠭᠰᠠᠨ ᠡᠮᠡᠭᠲᠡᠶᠢᠴᠦᠳ ᠲᠤ ᠲᠦᠷ ᠴᠠᠭ ᠤᠨ ᠵᠠᠶᠢᠯᠠᠭᠤᠯᠵᠤ ᠠᠪᠤᠷᠠᠬᠤ ᠦᠢᠯᠡᠴᠢᠯᠡᠭᠡ ᠬᠠᠩᠭᠠᠬᠤ ᠶᠢᠨ ᠬᠠᠮᠲᠤ᠂ ᠮᠤᠵᠢ ᠶᠢᠨ | ᠬᠤᠭᠤᠷᠣᠨᠳᠤ ᠰᠢᠯᠵᠢᠭᠦᠯᠦᠨ ᠲᠤᠰᠠᠯᠠᠵᠤ ᠬᠠᠮᠠᠭᠠᠯᠠᠨ ᠬᠦᠷᠭᠡᠬᠦ ᠠᠵᠢᠯ ᠢ ᠬᠠᠪᠰᠤᠷᠭᠠᠨ ᠬᠠᠷᠢᠭᠤᠴᠠᠵᠤ᠂ ᠵᠢᠯ ᠳᠤᠮᠳᠠᠴᠢ ᠪᠠᠷ 5000 ᠬᠥᠮᠥᠨ ᠤᠳᠠᠭ᠎ᠠ ᠶᠢ | ᠠᠪᠤᠷᠠᠨ ᠲᠤᠰᠠᠯᠠᠵᠤ ᠪᠤᠢ᠂ ᠡᠨᠡ ᠨᠢ ᠪᠦᠭᠦ ᠣᠷᠣᠨ ᠤ ᠠᠪᠤᠷᠠᠨ ᠲᠤᠰᠠᠯᠠᠬᠤ ᠶᠡᠷᠦᠩᠬᠡᠢ ᠬᠡᠮᠵᠢᠶ᠎ᠡ ᠶᠢᠨ ᠬᠠᠭᠠᠰ ᠢ ᠡᠵᠡᠯᠡᠵᠦ ᠪᠤᠢ᠃ | ᠲᠤᠷᠰᠢᠯᠲᠠ ᠶᠢᠨ ᠨᠢᠭᠡᠴᠢ ᠪᠠᠷ ᠴᠣᠬᠤᠯᠠᠪᠤᠷᠢᠯᠠᠭᠰᠠᠨ ᠠᠴᠠ ᠨᠠᠭᠠᠰᠢ᠂ ᠭᠦᠭᠡᠬᠤᠲᠠ ᠶᠢᠨ ᠠᠪᠤᠷᠠᠨ ᠲᠤᠰᠠᠯᠠᠬᠤ ᠥᠷᠲᠡᠭᠡ ᠠᠪᠤᠷᠠᠨ ᠲᠤᠰᠠᠯᠠᠬᠤ | ᠦᠢᠯᠡᠴᠢᠯᠡᠭᠡᠨ ᠤ ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠬᠦᠴᠢᠷᠳᠡᠯᠲᠡᠢ ᠣᠯᠠᠨ ᠲᠦᠮᠡᠨ ᠢ ᠬᠢᠨᠠᠨ ᠬᠡᠮᠵᠢᠬᠦ ᠲᠠᠪᠴᠠᠩ ᠢ ᠪᠠᠶᠢᠭᠤᠯᠬᠤ᠂ | ᠠᠪᠤᠷᠠᠨ ᠲᠤᠰᠠᠯᠠᠬᠤ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠵᠠᠮ ᠢ ᠰᠢᠯᠢᠳᠡᠭᠵᠢᠭᠦᠯᠬᠦ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠳᠦᠷᠢᠮ ᠤᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠦᠪᠡᠭᠴᠢᠯᠡᠵᠦ᠂ ᠲᠥᠷᠥ ᠶᠢᠨ ᠪᠣᠳᠣᠯᠭ᠎ᠠ ᠣᠨᠣᠯ ᠤᠨ ᠰᠤᠷᠤᠯᠴᠠᠯᠭ᠎ᠠ ᠪᠠᠨ | ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠢᠭᠤᠴᠠ ᠮᠡᠳᠡᠭᠡᠨ ᠤ ᠵᠢᠯᠤᠭᠤᠳᠬᠤ ᠲᠥᠪ ᠲᠠᠢ ᠬᠤᠯᠪᠤᠭᠠᠯᠠᠨ ᠬᠥᠳᠡᠯᠦᠯᠴᠡᠵᠦ᠂ ᠲᠤᠰᠠᠯᠠᠮᠵᠢ | ᠬᠦᠷᠲᠡᠭᠰᠡᠳ ᠤᠨ ᠪᠡᠶ᠎ᠡ ᠭᠡᠮ ᠢ ᠬᠠᠷᠭᠤᠭᠤᠯᠤᠨ ᠪᠠᠶᠢᠴᠠᠭᠠᠵᠤ᠂ ᠠᠪᠤᠷᠠᠨ ᠲᠤᠰᠠᠯᠠᠬᠤ ᠦᠢᠯᠡᠴᠢᠯᠡᠭᠡᠨ ᠤ ᠲᠣᠭᠲᠠᠴᠠ ᠶᠢ ᠤᠯᠠᠮ ᠲᠡᠭᠦᠯᠳᠡᠷᠵᠢᠭᠦᠯᠪᠡ᠃ | |