ᠳᠡᠭᠡᠷ᠎ᠡ ᠬᠠᠭᠠᠰ ᠵᠢᠯ ᠳᠤ ᠬᠥᠬᠡᠬᠤᠲᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2024/7/25
      ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶᠠᠨ ᠠᠴᠠ ᠣᠶᠢᠯᠠᠭᠠᠵᠤ ᠮᠡᠳᠡᠭᠰᠡᠨ ᠨᠢ᠂ ᠳᠡᠭᠡᠷ᠎ᠡ ᠬᠠᠭᠠᠰ ᠵᠢᠯ ᠳᠤ᠂ ᠬᠥᠬᠡᠬᠤᠲᠠ ᠪᠦᠲᠦᠴᠡ ᠶᠢ ᠲᠣᠬᠢᠷᠠᠭᠤᠯᠬᠤ᠂ ᠠᠵᠤ ᠦᠢᠯᠡᠰ ᠢ ᠰᠢᠯᠢᠳᠡᠭᠵᠢᠭᠦᠯᠬᠦ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠲᠠᠯ᠎ᠠ ᠪᠠᠷ ᠬᠦᠴᠦ ᠲᠠᠯᠪᠢᠵᠤ᠂ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1869.2 ᠳ᠋ᠦᠩᠰᠢᠭᠤᠷ ᠲᠥᠭᠦᠷᠢᠭ ᠬᠦᠷᠴᠦ᠂ ᠬᠤᠪᠢᠷᠠᠬᠤ ᠦᠭᠡᠢ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠪᠡ᠃      ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠷᠡᠭᠦᠯ ᠲᠣᠭᠲᠠᠭᠤᠨ ᠪᠠᠶᠢᠵᠤ᠂ ᠠᠵᠤ ᠠᠬᠤᠶ ᠶᠢᠨ ᠭᠤᠤᠯ ᠬᠦᠢᠴᠡᠳᠭᠡᠯ ᠲᠤᠭ᠎ᠠ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠪᠠᠷᠢᠮᠲᠠᠯᠠᠪᠠ᠃ ᠪᠥᠬᠦ ᠬᠤᠲᠠ ᠶᠢᠨ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠶᠡᠷᠦᠩᠬᠡᠢ ᠭᠠᠷᠤᠯᠲᠠ ᠠᠳᠠᠯᠢ ᠬᠤᠭᠤᠴᠠᠭᠠᠨ ᠠᠴᠠ 4.5% ᠨᠡᠮᠡᠭᠳᠡᠵᠡᠢ᠃ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠠᠮᠤ ᠪᠤᠳᠠᠭ᠎ᠠ ᠳᠠᠷᠢᠬᠤ ᠡᠭᠦᠷᠭᠡ ᠪᠠᠨ ᠪᠡᠶᠡᠯᠡᠭᠦᠯᠵᠦ᠂ 2024 ᠣᠨ ᠳᠤ ᠪᠥᠬᠦ ᠬᠤᠲᠠ ᠶᠢᠨ ᠠᠮᠤ ᠪᠤᠳᠠᠭ᠎ᠠ ᠳᠠᠷᠢᠬᠤ ᠲᠠᠯᠠᠪᠠᠶ 565.1 ᠲᠦᠮᠡᠨ ᠮᠥ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠠᠮᠤ ᠪᠤᠳᠠᠭ᠎ᠠ ᠳᠠᠷᠢᠬᠤ ᠡᠭᠦᠷᠭᠡ ᠶᠢ ᠪᠡᠶᠡᠯᠡᠭᠦᠯᠪᠡ︔ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠵᠤ᠂ ᠢᠳᠡᠰᠢᠨ ᠦᠬᠡᠷ᠂ ᠢᠳᠡᠰᠢᠨ ᠬᠤᠨᠢ᠂ ᠠᠮᠢᠳᠤ ᠭᠠᠭ᠋ᠠᠶ ᠵᠡᠷᠭᠡ ᠶᠢᠨ ᠭᠠᠷᠭᠠᠯᠲᠠ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ ᠳᠥᠷᠪᠡᠨ ᠮᠢᠬ᠎ᠠ ︵ᠭᠠᠭ᠋ᠠᠶ ᠦᠬᠡᠷ ᠬᠤᠨᠢ ᠵᠢᠭᠦᠷᠲᠡᠨ︶ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠪᠡ︔ ᠵᠢᠭᠦᠷᠲᠡᠨ ᠤ ᠭᠠᠷᠤᠯᠲᠠ 5.4% ᠪᠠᠷ ᠨᠡᠮᠡᠭᠳᠡᠪᠡ︔ ᠰᠦ ᠶᠢᠨ ᠭᠠᠷᠤᠯᠲᠠ 11.6% ᠪᠠᠷ ᠨᠡᠮᠡᠭᠳᠡᠵᠦ᠂ ᠮᠠᠯ ᠤᠨ ᠠᠰᠢᠭ ᠰᠢᠮ᠎ᠡ ᠶᠢᠨ ᠭᠤᠤᠯ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃ ᠪᠦᠷᠢᠳᠬᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠢᠳᠡᠰᠢᠨ ᠨᠣᠭᠤᠭ᠎ᠠ ᠶᠢᠨ ᠲᠠᠯᠠᠪᠠᠶ ᠤᠨᠠᠯᠲᠠ ᠬᠤᠤᠰ ᠨᠡᠮᠡᠭᠳᠡᠯ ᠢ ᠪᠡᠶᠡᠯᠡᠭᠦᠯᠵᠦ᠂ ᠪᠥᠬᠦ ᠬᠤᠲᠠ ᠶᠢᠨ ᠢᠳᠡᠰᠢᠨ ᠨᠣᠭᠤᠭ᠎ᠠ ᠵᠢᠴᠢ ᠢᠳᠡᠭᠡᠨ ᠤ ᠮᠥᠭᠦ ᠶᠢᠨ ᠳᠠᠷᠢᠬᠤ ᠲᠠᠯᠠᠪᠠᠶ 20.9 ᠲᠦᠮᠡᠨ ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 82.4% ᠪᠠᠷ ᠨᠡᠮᠡᠭᠳᠡᠪᠡ︔ ᠤᠨᠠᠯᠲᠠ ᠨᠢ 7.8 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 26.2% ᠢᠶᠠᠷ ᠨᠡᠮᠡᠭᠳᠡᠪᠡ᠃      ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠰᠠᠶᠢᠵᠢᠷᠠᠪᠠ᠃ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ᠂ ᠭᠤᠷᠪᠠᠨ ᠶᠡᠭᠡ ᠲᠥᠷᠥᠯ ᠬᠠᠮᠵᠢᠯᠴᠠᠨ ᠬᠦᠴᠦᠯᠡᠪᠡ᠃ ᠠᠭᠤᠷᠬᠠᠶ ᠶᠢᠨ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠲᠤᠰ ᠲᠤᠰ ᠠᠳᠠᠯᠢ ᠬᠤᠭᠤᠴᠠᠭᠠᠨ ᠤ ᠬᠢ ᠠᠴᠠ 20.5%᠂ 5.4% ᠪᠠ 23.4% ᠪᠠᠷ ᠨᠡᠮᠡᠭᠳᠡᠪᠡ᠃ ᠭᠤᠤᠯᠳᠠᠯᠭ᠎ᠠ ᠲᠠᠢ ᠠᠵᠢᠯ ᠲᠥᠷᠥᠯ ᠤᠨ ᠬᠤᠪᠢ ᠨᠡᠮᠡᠷᠢ ᠨᠢ ᠬᠦᠴᠦᠲᠡᠶ᠃ ᠪᠦᠷᠢᠳᠭᠡᠭᠰᠡᠨ 28 ᠠᠵᠤ ᠦᠢᠯᠡᠳᠪᠦᠷᠢ ᠶᠢᠨ ᠶᠡᠭᠡ ᠲᠥᠷᠥᠯ ᠤᠨ ᠠᠵᠢᠯ ᠲᠥᠷᠥᠯ ᠤᠨ ᠳᠣᠲᠣᠷ᠎ᠠ᠂ 19 ᠠᠵᠢᠯ ᠲᠥᠷᠥᠯ ᠤᠨ ᠨᠡᠮᠡᠭᠳᠡᠯ ᠥᠷᠲᠡᠭ ᠨᠢ ᠡᠶᠡᠷᠭᠦ ᠨᠡᠮᠡᠭᠳᠡᠯ ᠢ ᠪᠡᠶᠡᠯᠡᠭᠦᠯᠵᠦ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠢ ᠪᠠᠷᠤᠭ ᠳᠣᠯᠣᠭᠠᠨ ᠬᠤᠪᠢ ᠰᠢᠬᠠᠮ ᠪᠣᠯᠪᠠ᠃ ᠡᠭᠦᠨ ᠳᠤ᠂ ᠢᠳᠡᠭᠡᠨ ᠦᠢᠯᠡᠳᠬᠦ ᠦᠢᠯᠡᠰ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠡᠳ᠋ᠰᠢᠭᠦᠯᠬᠦ ᠦᠢᠯᠡᠳᠪᠦᠷᠢ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠵᠡᠷᠭᠡ ᠭᠤᠷᠪᠠᠨ ᠶᠡᠭᠡ ᠭᠤᠤᠯᠳᠠᠯᠭ᠎ᠠ ᠲᠠᠢ ᠠᠵᠢᠯ ᠲᠥᠷᠥᠯ ᠤᠨ ᠨᠡᠮᠡᠭᠳᠡᠯ ᠥᠷᠲᠡᠭ ᠲᠣᠰ ᠲᠣᠰ ᠠᠳᠠᠯᠢ ᠬᠤᠭᠤᠴᠠᠭᠠᠨ ᠤ ᠬᠢ ᠠᠴᠠ 13.0%᠂ 15.7% ᠪᠠ 19.6 % ᠪᠠᠷ ᠨᠡᠮᠡᠭᠳᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠨᠡᠶᠢᠲᠡ ᠬᠤᠪᠢ ᠨᠡᠮᠡᠷᠢ ᠦᠵᠡᠭᠦᠯᠦᠭᠰᠡᠨ ᠨᠣᠷᠮ᠎ᠠ 90.8% ᠬᠦᠷᠴᠡᠶ᠃ ᠭᠤᠣᠯ ᠪᠣᠯᠬᠤ ᠠᠵᠤ ᠦᠢᠯᠡᠳᠪᠦᠷᠢ ᠶᠢᠨ  ᠦᠢᠯᠡᠳᠭᠦᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠵᠦ᠃ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠦᠷᠢᠳᠬᠡᠯ ᠤᠨ 77  ᠵᠦᠢᠯ ᠤᠨ ᠪᠦᠲᠦᠭᠡᠭᠳᠡᠬᠦᠨ ᠤ ᠳᠤᠲᠤᠷ᠎ᠠ 57.1% ᠨᠢ ᠡᠶᠡᠷᠭᠦ ᠨᠡᠮᠡᠭᠳᠡᠯ ᠢ ᠪᠡᠶᠡᠯᠡᠭᠦᠯᠵᠡᠢ᠃      ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠬᠡᠪᠴᠢᠶ᠎ᠡ᠂ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠳᠡᠭᠡᠭᠰᠢᠯᠡᠪᠡ᠃ 1 ᠠᠴᠠ 5 ᠳ᠋ᠤᠭᠠᠷ ᠰᠠᠷ᠎ᠠ ᠳᠤ᠂ ᠠᠷᠪᠠᠨ ᠠᠵᠢᠯ ᠲᠥᠷᠥᠯ ᠤᠨ ᠲᠥᠷᠥᠯ ᠤᠨ ᠡᠵᠡᠩᠨᠡᠯᠲᠡ ᠶᠢᠨ ᠣᠷᠣᠯᠭ᠎ᠠ ᠠᠴᠠ ︽7 ᠳᠡᠭᠡᠭᠰᠢᠯᠡᠵᠦ 3 ᠪᠠᠭᠤᠷᠠᠵᠤ︾᠂ ᠳᠥᠷᠪᠡᠨ ᠬᠤᠪᠢ ᠶᠢᠨ ᠠᠵᠢᠯ ᠲᠥᠷᠥᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ ᠠᠳᠠᠯᠢ ᠬᠤᠭᠤᠴᠠᠭᠠᠨ ᠤ ᠬᠢ ᠠᠴᠠ 14.0%᠂ 21.0% ᠪᠠ 19.2% ᠢᠶᠠᠷ ᠨᠡᠮᠡᠭᠳᠡᠪᠡ᠃ ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ 318 ᠬᠡᠪᠴᠢᠶᠡᠵᠢᠯ ᠠᠴᠠ ᠳᠡᠭᠡᠭᠰᠢᠬᠢ ᠠᠰᠢᠭ ᠬᠤᠨᠵᠢᠪᠣᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 103.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠨ᠂ ᠠᠰᠢᠭ ᠬᠤᠨᠵᠢᠪᠣᠷᠢ ᠶᠢ 9.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.7 ᠳ᠋ᠦᠩᠰᠢᠭᠤᠷ ᠲᠥᠭᠦᠷᠢᠭ ᠨᠡᠮᠡᠭᠳᠡᠪᠡ᠃      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠠᠵᠤ ᠠᠬᠤᠢ ᠶᠢᠨ ᠤᠷᠳᠤ ᠬᠤᠭᠤᠴᠠᠭᠠᠨ ᠤ ᠲᠣᠭᠲᠠᠭᠤᠨ ᠢᠶᠠᠷ ᠰᠠᠶᠢᠵᠢᠷᠠᠬᠤ ᠲᠤᠯᠭᠠᠭᠤᠷᠢᠯᠠᠬᠤ ᠬᠥᠳᠡᠯᠭᠡᠬᠦ ᠬᠦᠴᠦᠨ ᠢ ᠬᠤᠷᠠᠮᠳᠤᠭᠤᠯᠪᠠ᠃ ᠪᠦᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠪᠡ᠃ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠵᠣ᠂ ᠪᠥᠬᠦ ᠬᠤᠲᠠ ᠶᠢᠨ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 56.7% ᠪᠠᠶᠢᠵᠤ᠂ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ 6 ᠳ᠋ᠤᠭᠠᠷ ᠰᠠᠷ᠎ᠠ ᠶᠢᠨ ᠲᠣᠰ ᠰᠠᠷ᠎ᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠨᠢ ᠪᠥᠬᠦ ᠪᠠᠯᠠ ᠣᠷᠣᠭᠤᠯᠤᠯᠲᠠ ᠶᠢᠨ ᠲᠣᠰ ᠰᠠᠷ᠎ᠠ ᠶᠢᠨ ᠨᠡᠮᠡᠭᠳᠡᠯ ᠤᠨ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 56.8% ᠪᠠᠶᠢᠵᠤ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ᠃ ᠠᠷᠠᠳ ᠤᠨ ᠪᠡᠯᠡ ᠣᠷᠣᠭᠤᠯᠤᠯᠲᠠ ᠲᠣᠭᠲᠠᠭᠤᠨ ᠢᠶᠠᠷ ᠳᠡᠭᠡᠭᠰᠢᠯᠡᠵᠦ᠂ ᠪᠦᠬᠦ ᠪᠡᠯᠡ ᠣᠷᠣᠭᠤᠯᠤᠯᠲᠠ ᠳᠠᠬᠢ ᠠᠷᠠᠳ ᠤᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ 34.9% ᠪᠣᠯᠵᠤ᠂ ᠠᠳᠠᠯᠢ ᠬᠤᠭᠤᠴᠠᠭᠠᠨ ᠤ ᠬᠢ ᠠᠴᠠ 17.1% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢ ᠳᠠᠶᠢᠴᠢᠯᠠᠨ 5.9 ᠵᠠᠭᠤᠨ ᠤ ᠴᠡᠭ ᠨᠡᠮᠡᠭᠳᠡᠭᠦᠯᠪᠡ᠃ ᠡᠭᠦᠨ ᠳᠤ᠂ ᠠᠷᠠᠳ ᠤᠨ ᠳᠤᠮᠳᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠪᠦᠬᠦ ᠠᠷᠠᠳ ᠤᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 61.6% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 25.8% ᠪᠠᠷ ᠨᠡᠮᠡᠭᠳᠡᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ ᠳᠠᠶᠢᠴᠢᠯᠠᠨ 14.8 ᠵᠠᠭᠤᠨ ᠤ ᠨᠢᠭᠡᠴᠢ ᠨᠡᠮᠡᠭᠳᠡᠭᠦᠯᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠨᠡᠮᠡᠭᠳᠡᠯ ᠤᠨ ᠭᠤᠣᠯ ᠳᠠᠶᠢᠴᠢᠯᠠᠬᠤ ᠬᠦᠴᠦᠨ ᠵᠦᠢᠯ ᠪᠣᠯᠪᠠ᠃ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠵᠠᠷᠤᠳᠠᠯ ᠠᠵᠤ ᠠᠬᠤᠶᠢᠯᠠᠯ ᠲᠣᠭᠲᠠᠭᠤᠨ ᠢᠶᠠᠷ ᠰᠠᠶᠢᠵᠢᠷᠠᠵᠤ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠠᠬᠢ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠤᠨ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 16.6% ᠪᠠᠶᠢᠵᠤ᠂ ᠠᠳᠠᠯᠢ ᠬᠤᠭᠤᠴᠠᠭᠠᠨ ᠤ ᠬᠢ ᠠᠴᠠ        9.9% ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 1.7 ᠵᠠᠭᠤᠨ ᠤ ᠨᠢᠭᠡᠴᠢ ᠨᠡᠮᠡᠭᠳᠡᠭᠦᠯᠪᠡ᠃      ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠠᠵᠢᠯᠯᠠᠪᠠ᠃ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 560.1 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠴᠢᠬᠤᠯᠠ ᠬᠥᠳᠡᠯᠭᠡᠭᠦᠷ ᠪᠣᠯᠵᠤ᠂ ᠵᠢᠵᠢᠭᠯᠡᠨ ᠬᠤᠳᠠᠯᠳᠤᠭᠰᠠᠨ ᠲᠤᠭ᠎ᠠ 220 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 26.1% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠪᠡ᠃ ᠪᠥᠬᠦ ᠬᠤᠲᠠ ᠶᠢᠨ ᠵᠢᠵᠢᠭᠯᠡᠨ ᠬᠤᠳᠠᠯᠳᠤᠬᠤ ᠬᠤᠳᠠᠯᠳᠤᠭᠠᠨ ᠤ ᠬᠡᠲᠦ ᠳᠡᠯᠭᠡᠭᠦᠷ ᠤᠨ ᠡᠵᠡᠩᠨᠡᠯᠲᠡ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠤᠮᠳᠠᠭᠠᠨ ᠤ ᠲᠥᠷᠥᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠦᠨᠳᠦᠰᠦᠨ ᠠᠮᠢᠳᠤᠷᠠᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 32.6%᠂ 40.5%᠂ 71.6% ᠪᠠᠷ ᠨᠡᠮᠡᠭᠳᠡᠪᠡ᠃ ᠳᠡᠰ ᠳᠡᠪᠰᠢᠬᠦ ᠲᠥᠷᠥᠯ ᠤᠨ ᠬᠡᠷᠡᠭᠯᠡᠭᠡᠨ ᠤ ᠥᠰᠦᠯᠲᠡ ᠨᠢ ᠢᠯᠡᠷᠬᠡᠢ᠃ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ᠂   ᠵᠡᠭᠦᠵᠦ ᠪᠣᠯᠬᠤ ᠤᠶᠤᠨᠲᠤ ᠲᠥᠬᠦᠭᠡᠷᠦᠮᠵᠢ ᠶᠢᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 152.6%᠂ 207.5%᠂ 170.7% ᠪᠠᠷ ᠨᠡᠮᠡᠭᠳᠡᠵᠦ᠂ ᠨᠡᠯᠢᠶᠡᠳ ᠰᠠᠶᠢᠨ ᠨᠡᠮᠡᠭᠳᠡᠯ ᠤᠨ ᠪᠠᠶᠢᠳᠠᠯ ᠢᠯᠡᠷᠡᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ