ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ  ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/7/26
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠯᠢ ᠵᠢᠶᠦ᠋ᠩ ᠼᠦᠢ ᠵᠧᠨ ᠦ᠋ ᠣᠷᠣᠯᠴᠠᠵᠠᠢ    ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠨ ᠲᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠡᡁᠧ ᠬᠠᠢ ᠳ᠋ᠦᠩ᠂ ᠯᠢᠦ ᠵᠢᠢ ᠶᠢᠩ᠂ ᠯᠢ ᠰᠢᠶᠣᠣ ᠶᠠᠨ᠂ ᠸᠠᠩ ᠢᠦᠢ ᠲᠢᠶᠠᠨ᠂ ᠵᠢᠶᠤᠤ ᠬᠤᠩ᠂ ᠮᠠ ᠪᠢᠩ ᠴᠢᠤᠸᠠᠨ᠂ ᠹᠦ᠋ ᠶᠢᠨ ᠽᠠᠢ ᠨᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢᠨ ᠲᠣᠭᠤᠷᠢᠨ ᠳᠤ ᠲᠤᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠵᠠᠢ᠃      ᠤᠯᠠᠨ ᠤ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠪᠣᠣ ᠭᠠᠩ ᠬᠡᠯᠡᠬᠦ ᠳᠡᠭᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ᠂ ᠦᠢᠯᠡᠳᠦᠯᠭᠡ ᠶᠢᠨ ᠠᠴᠢ ᠬᠤᠯᠪᠣᠭᠳᠠᠯ ᠪᠣᠯᠣᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠡᠵᠡᠮᠳᠡᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠳᠡ ᠬᠤᠷᠠᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠳᠦᠭᠡᠨ ᠪᠠᠶᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠰᠢᠰᠲ᠋ᠧᠮᠵᠢᠭᠦᠯᠦᠨ ᠨᠢᠭᠡᠳᠭᠡᠬᠦ ᠢ ᠨᠡᠩ ᠴᠢᠬᠤᠯᠠᠴᠢᠯᠠᠵᠤ᠂ ᠭᠤᠣᠯᠳᠠᠯᠭ᠎ᠠ ᠶᠢ ᠲᠤᠪᠤᠶᠢᠯᠭᠠᠬᠤ ᠶᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠨᠡᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠳᠤ ᠠᠰᠢᠭᠲᠠᠢ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂ ᠰᠢᠨ᠎ᠡ ᠪᠠᠷ ᠭᠦᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠠᠶᠢᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠮᠦᠨ ᠠᠮᠠ ᠶᠢᠨ ᠨᠡᠮᠡᠭᠳᠡᠯ ᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠢᠰᠲ᠋ᠧᠮ ᠲᠠᠢ ᠲᠥᠯᠥᠪᠵᠢᠭᠦᠯᠦᠨ᠂ ᠦᠷᠡᠵᠢᠯ᠂ ᠪᠤᠶᠢᠵᠢᠭᠤᠯᠬᠤ᠂ ᠰᠤᠷᠭᠠᠨ ᠬᠥᠮᠦᠵᠢᠯ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠦᠨᠡᠨ ᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ ᠭᠡᠵᠡᠢ᠃      ᠪᠣᠣ ᠭᠠᠩ ᠴᠢᠬᠤᠯᠠᠴᠢᠯᠠᠬᠤ ᠳᠠᠭᠠᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠢ ᠬᠦᠴᠦᠯᠡᠨ ᠠᠷᠢᠯᠭᠠᠵᠤ᠂ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠦᠨᠡᠨ ᠬᠦ ᠨᠡᠮᠡᠭᠳᠡᠭᠦᠯᠬᠦ ᠬᠡᠷᠡᠭᠲᠡᠢ ᠭᠡᠵᠡᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ