ᠪᠣᠣ ᠭᠠᠩ ᠾᠧ ᠬᠠᠢ ᠳ᠋ᠦᠩ ᠥᠪᠥᠷ ᠮᠣᠩᠭᠤᠯ ᠤᠨ ᠴᠡᠷᠢᠭ ᠤᠨ ᠲᠣᠭᠤᠷᠢᠭ ᠲᠤ ᠬᠦᠷᠴᠦ ᠲᠣᠬᠤᠨᠢᠭᠤᠯᠪᠠ
ᠨᠡᠶᠢᠲᠡᠯᠡᠭᠰᠡᠨ ᠴᠠᠭ᠄
2024/7/26
      ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢᠨ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠥᠪᠥᠷ ᠮᠣᠩᠭᠤᠯ ᠤᠨ ᠴᠡᠷᠢᠭ ᠤᠨ ᠲᠣᠭᠤᠷᠢᠭ ᠲᠤ ᠬᠦᠷᠴᠦ ᠪᠣᠯᠭᠤᠭᠠᠨ ᠲᠣᠬᠤᠨᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠤᠤ ᠺᠠᠩ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠤᠮᠠᠨᠳᠠᠯᠠᠭᠴᠢ ᠶᠠᠩ ᠭᠦᠸᠧ ᠠᠨ᠂ ᠳᠡᠳ᠋ ᠺᠣᠮᠢᠰᠰᠠᠷ ᠵᠠᠩ ᠸᠧᠨ ᠬᠤᠢ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠣᠨ ᠪᠦᠬᠦ ᠬᠤᠳᠠ ᠶᠢᠨ ᠠᠷᠠᠳ ᠲᠦᠮᠡᠨ ᠢ ᠲᠥᠯᠥᠭᠡᠯᠡᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠪᠣᠯᠣᠨ ᠬᠥᠬᠡᠬᠤᠲᠠ ᠳᠤ ᠰᠠᠭᠤᠭ᠎ᠠ ᠥᠷᠭᠡᠨ ᠤᠯᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠵᠤ᠂ ᠴᠡᠷᠢᠭ ᠠᠩᠭᠢ ᠠᠴᠠ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠣᠯᠣᠨ ᠬᠠᠪᠰᠤᠷᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠲᠡᠷᠡ ᠬᠡᠯᠡᠬᠦ ᠳᠡᠭᠡᠨ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠣᠯ ︽ᠤᠯᠤᠰ ᠤᠨ ᠶᠡᠭᠡ ᠶᠠᠪᠤᠳᠠᠯ︾ ᠮᠥᠨ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠬᠦ ᠪᠣᠯ ᠪᠢᠳᠡᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠤᠷᠤᠨ ᠤ ᠲᠥᠪ ᠬᠤᠲᠠ ᠬᠤᠶᠠᠷ ᠢ ᠬᠦᠷᠢᠶᠡᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠡᠷᠢᠭ ᠠᠩᠭᠢ ᠳᠤ ᠦᠨᠡᠨ ᠰᠡᠳᠬᠢᠯ ᠠᠴᠠ ᠪᠠᠨ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ᠎ᠡ ᠭᠡᠵᠡᠢ᠃      ᠶᠠᠩ ᠰᠢᠶᠤᠤ ᠺᠠᠩ ᠮᠠᠨ ᠤ ᠬᠤᠲᠠ ᠶᠢᠨ ᠣᠯᠠᠨ ᠵᠢᠯ ᠤᠨ ᠲᠤᠷᠰᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠬᠦ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ ᠬᠥᠬᠡᠬᠤᠲᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠤᠭᠰᠠᠨ ᠦᠷ᠎ᠡ ᠪᠦᠲᠦᠮᠵᠢ ᠨᠢ ᠣᠯᠠᠨ ᠤ ᠨᠢᠳᠦᠨ ᠳᠤ ᠦᠵᠡᠭᠳᠡᠵᠦ᠂ ᠬᠤᠶᠠᠷ ᠢ ᠬᠦᠷᠢᠶᠡᠯᠡᠬᠦ ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠤᠶᠠᠷ ᠢ ᠬᠦᠷᠢᠶᠡᠯᠡᠬᠦ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠬᠡᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠼᠤᠤ ᡁᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠺᠤᠮᠠᠨᠳᠠᠯᠠᠭᠴᠢ ᠰᠧ ᠰᠢᠶᠤᠤ ᠶᠠᠩ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠺᠣᠮᠢᠰᠰᠠᠷ ᠭᠤᠤ ᠳ᠋ᠧ ᠴᠢᠤᠸᠠᠨ ᠣᠷᠣᠯᠴᠠᠵᠠᠶ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ