ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 31 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ 37 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/26
ᠼᠦᠢ ᠵᠧᠨ ᠦ᠋ ᠬᠤᠷᠠᠯ ᠢ ᠡᠷᠬᠢᠯᠡᠪᠡ    ︵ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ︶ 7 ᠳ᠋ᠤᠭᠠᠷ ᠰᠠᠷ᠎ᠠ ᠶᠢᠨ 25 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 31 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ 37 ᠳ᠋ᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠢ ᠡᠷᠭᠢᠯᠡᠪᠡ᠃      ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠡᠰᠡᠭ ᠨᠥᠬᠦᠳ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠬᠥᠬᠡᠬᠤᠲᠠ ᠶᠢᠨ ︽ᠬᠠᠯᠠᠭᠤᠨ ᠳᠤᠯᠠᠭᠠᠨ ᠤ ᠢᠨᠵᠧᠨᠧᠷᠢᠩ︾ ᠤᠨ ᠠᠬᠢᠴᠠ ᠶᠢᠨ ᠪᠠᠶᠢᠳᠠᠯ᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠤᠶᠤᠨᠲᠤ ᠬᠤᠲᠠ ᠶᠢᠨ ᠨᠢᠭᠡ ᠴᠣᠭᠴᠠᠵᠢᠭᠰᠠᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾᠂ ︽ᠮᠦᠽᠧᠶ ᠶᠢᠨ ᠬᠤᠲᠠ ᠶᠢ ᠡᠭᠦᠳᠦᠨ ᠪᠠᠶᠢᠭᠤᠯᠵᠤ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠪᠥᠲᠥᠭᠡᠨ ᠪᠠᠶᠢᠭᠤᠯᠤᠯᠲᠠ ᠶᠢ ᠴᠢᠷᠮᠠᠶᠢᠨ ᠠᠬᠢᠭᠤᠯᠬᠤ︾ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠵᠢᠴᠢ ᠬᠤᠯᠪᠣᠭᠳᠠᠯ ᠪᠥᠬᠦᠶ ᠵᠥᠪᠯᠡᠬᠦ ᠲᠥᠰᠦᠯ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ