ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 25 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ 7 ᠰᠠᠷ᠎ᠠ ᠶᠢᠨ 25 ᠤ ᠡᠳᠦᠷ ᠬᠤᠷᠠᠯ ᠬᠤᠷᠠᠯᠳᠤᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ | ᠠᠵᠢᠯ ᠢ ᠰᠤᠳᠤᠯᠤᠨ ᠪᠠᠶᠢᠷᠢᠯᠠᠭᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ | ᠲᠠᠯᠪᠢᠪᠠ᠃ | ᠬᠤᠷᠠᠯ ᠠᠴᠠ᠂ ᠡᠨᠡ ᠵᠢᠯ ᠤᠨ ᠮᠠᠨ ᠤ ᠤᠯᠤᠰ ᠤᠨ ᠠᠭᠤᠷ ᠠᠮᠢᠰᠬᠤᠯ ᠤᠨ ᠵᠢᠯ ᠤᠨ ᠥᠩᠭᠡ ᠠᠨᠠᠢ᠂ ᠰᠢᠷᠦᠭᠦᠨ ᠪᠣᠷᠣᠭᠠᠨ ᠣᠷᠣᠬᠤ ᠶᠠᠪᠤᠴᠠ ᠤᠯᠠᠨ᠂ | ᠦᠷᠭᠦᠯᠵᠢᠯᠡᠬᠦ ᠴᠠᠭ ᠤᠷᠳᠤ᠂ ᠭᠤᠣᠯ ᠮᠥᠷᠡᠨ ᠤ ᠦᠶᠡᠷ ᠡᠷᠲᠡ ᠡᠭᠦᠰᠴᠦ᠂ ᠬᠤᠪᠢᠷᠠᠯᠲᠠ ᠲᠦᠷᠭᠡᠨ ᠪᠠᠶᠢᠵᠤ᠂ ᠵᠠᠷᠢᠮ ᠭᠠᠵᠠᠷ ᠣᠷᠣᠨ ᠲᠠᠭᠢᠨ ᠳᠠᠪᠲᠠᠨ | ᠰᠢᠷᠦᠭᠦᠨ ᠪᠣᠷᠣᠭᠠᠨ ᠳᠤ ᠳᠠᠭᠠᠷᠢᠬᠳᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠰᠢ ᠶᠢᠨ | ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠳᠠᠷᠤᠢ ᠲᠦᠷᠭᠡᠨ ᠬᠥᠳᠡᠯᠦᠯᠴᠡᠵᠦ᠂ ᠪᠦᠭᠦ ᠬᠦᠴᠦ ᠪᠠᠷ ᠢᠶᠠᠨ ᠠᠷᠭᠠᠴᠠᠵᠤ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠤᠯᠤᠰ ᠤᠨ | ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠣᠯᠣᠨ ᠡᠯ᠎ᠡ ᠲᠦᠷᠦᠯ ᠤᠨ ᠲᠤᠰᠬᠠᠢ ᠠᠪᠤᠷᠠᠨ ᠲᠤᠰᠠᠯᠠᠬᠤ | ᠬᠦᠴᠦᠨ ᠵᠠᠷᠯᠢᠭ ᠢ ᠰᠣᠨᠣᠰᠤᠮᠠᠭᠴᠠ ᠪᠠᠨ ᠬᠥᠳᠡᠯᠦᠯᠴᠡᠵᠦ᠂ ᠡᠮᠦᠨ᠎ᠡ ᠨᠢ ᠭᠠᠪᠰᠢᠭᠠᠶᠢᠯᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠬᠠᠲᠠᠭᠤ ᠪᠡᠷᠬᠡᠰᠢᠶᠡᠯ ᠢ | ᠬᠠᠮᠲᠤ ᠪᠠᠷ ᠲᠤᠭᠤᠯᠵᠤ᠂ ᠲᠦᠮᠡᠨ ᠤᠯᠠᠨ ᠢᠶᠠᠷ ᠢᠶᠠᠨ ᠪᠣᠯᠣᠳ ᠬᠡᠷᠡᠮ ᠪᠣᠯᠵᠤ᠂ ᠭᠡᠷ ᠣᠷᠣᠨ ᠢᠶᠠᠨ ᠰᠠᠬᠢᠨ ᠬᠠᠮᠠᠭᠠᠯᠠᠬᠤ ᠪᠠᠲᠤ ᠪᠠᠬᠢ ᠰᠡᠷᠭᠡᠶᠢᠯᠡᠯᠲᠡ ᠶᠢᠨ | ᠱᠤᠭᠤᠮ ᠢ ᠬᠠᠮᠲᠤ ᠪᠠᠷ ᠴᠣᠭᠴᠠᠯᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠴᠢᠬᠤᠯᠠ ᠱᠠᠲᠤᠴᠢ ᠴᠢᠨᠠᠷᠲᠠᠢ ᠦᠷ᠎ᠡ | ᠪᠦᠲᠦᠭᠡᠯ ᠣᠯᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠥᠬᠡᠮᠥ᠋ᠷᠡᠨ ᠵᠡᠷᠭᠡ ᠰᠠᠪᠠ ᠭᠠᠵᠠᠷ ᠤᠨ ᠦᠶᠡᠷ ᠤᠨ ᠣᠷᠭᠢᠯ ᠢ ᠰᠡᠷᠭᠡᠶᠢᠯᠡᠬᠦ᠂ ᠳᠠᠯᠠᠩ ᠰᠡᠳᠡᠷᠡᠭᠦ ᠠᠴᠠ ᠰᠡᠷᠭᠡᠶᠢᠯᠡᠬᠦ᠂ | ᠤᠰᠤᠲᠤᠯ ᠢ ᠭᠠᠳᠠᠭᠰᠢᠯᠠᠭᠤᠯᠬᠤ ᠳᠠᠷᠤᠯᠲᠠ ᠪᠠᠭᠤᠷᠠᠬᠤ ᠦᠭᠡᠢ ᠪᠠᠶᠢᠵᠤ᠂ ᠬᠠᠲᠤᠨ ᠭᠤᠣᠯ᠂ ᠬᠤᠸᠠᠶᠢᠾᠧ ᠭᠤᠣᠯ᠂ ᠬᠠᠶᠢᠾᠧ ᠭᠤᠣᠯ᠂ ᠰᠤᠩᠭᠠᠷᠢ ᠮᠥᠷᠡᠨ | ᠯᠢᠶᠣᠤᠾᠧ ᠭᠤᠣᠯ ᠤᠨ ᠰᠠᠪᠠ ᠭᠠᠵᠠᠷ ᠲᠤ ᠨᠡᠯᠢᠶᠡᠳ ᠬᠦᠨᠳᠦ ᠦᠶᠡᠷ ᠤᠨ ᠪᠠᠶᠢᠳᠠᠯ ᠭᠠᠷᠴᠤ ᠮᠡᠳᠡᠬᠦ ᠪᠥᠭᠡᠳ ᠲᠠᠶᠢᠹᠧᠩ ᠰᠠᠯᠬᠢ ᠢᠳᠡᠪᠬᠢ ᠬᠤᠭᠤᠴᠠᠭᠠᠨ ᠳᠤ | ᠣᠷᠣᠬᠤ ᠲᠠᠢ ᠳᠠᠪᠬᠤᠴᠠᠵᠤ᠂ ᠦᠶᠡᠷ ᠢ ᠰᠡᠷᠭᠡᠶᠢᠯᠡᠬᠦ ᠪᠠᠶᠢᠳᠠᠯ ᠨᠠᠩ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ᠃ ᠡᠯ᠎ᠡ ᠬᠤᠯᠪᠣᠭᠳᠠᠯ ᠪᠦᠬᠦᠢ | ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ | ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠨᠡ ᠬᠦ ᠬᠠᠲᠠᠭᠤ | ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠨᠠᠨ ᠬᠡᠮᠵᠢᠬᠦ | ᠠᠷᠭ᠎ᠠ ᠪᠠᠷᠢᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠭᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠤᠷᠢᠳᠴᠢᠯᠠᠨ | ᠰᠡᠷᠡᠮᠵᠢᠯᠡᠭᠦᠯᠭᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠤᠤᠷᠢᠶᠠᠲᠤᠨ ᠳᠠᠭᠠᠬᠤ ᠬᠤᠷᠳᠤᠴᠠ ᠶᠢ | ᠲᠦᠷᠭᠡᠳᠬᠡᠵᠦ᠂ ᠰᠡᠷᠭᠡᠶᠢᠯᠡᠬᠦ ᠭᠤᠣᠯᠳᠠᠯᠭ᠎ᠠ ᠶᠢ ᠳᠣᠪᠤᠶᠢᠯᠭᠠᠵᠤ᠂ ᠦᠨᠳᠦᠰᠦᠨ ᠱᠠᠲᠤᠨ ᠤ ᠦᠵᠦᠭᠦᠷ ᠬᠡᠰᠡᠭ ᠢ ᠴᠢᠩᠭ᠎ᠠ ᠠᠩᠬᠠᠷᠴᠤ᠂ ᠠᠶᠤᠯᠲᠠᠢ ᠣᠷᠣᠨ ᠤ | ᠣᠯᠠᠨ ᠲᠦᠮᠡᠨ ᠢ ᠤᠷᠢᠳᠴᠢᠯᠠᠨ ᠡᠷᠡᠰ ᠰᠢᠭᠤᠷᠬᠠᠢ ᠪᠠᠷ ᠰᠢᠯᠵᠢᠭᠦᠯᠵᠦ᠂ ᠬᠥᠮᠥᠨ ᠬᠠᠷ᠎ᠠ ᠦᠬᠦᠵᠦ ᠰᠢᠷᠬᠠᠲᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ | ᠬᠡᠷᠡᠭᠲᠡᠢ᠃ ᠴᠢᠬᠤᠯᠠ ᠬᠠᠰᠢᠯᠭ᠎ᠠ ᠴᠥᠭᠦᠷᠥᠮ ᠪᠣᠯᠣᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠬᠦ | ᠲᠣᠭᠤᠷᠢᠨ ᠪᠠᠶᠢᠴᠠᠭᠠᠬᠤ ᠰᠡᠷᠭᠡᠶᠢᠯᠡᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠪᠠᠭᠤᠷᠠᠢ ᠬᠠᠰᠢᠯᠭ᠎ᠠ ᠶᠢᠨ ᠬᠡᠰᠡᠭ᠂ ᠠᠶᠤᠯᠲᠠᠢ ᠪᠠᠷᠢᠯᠭ᠎ᠠ ᠶᠢᠨ ᠬᠡᠰᠡᠭ᠂ | ᠠᠶᠤᠯᠲᠠᠢ ᠤᠰᠤᠨ ᠴᠥᠭᠦᠷᠥᠮ ᠢ ᠭᠤᠣᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ ᠶᠢ ᠳᠣᠪᠤᠶᠢᠯᠭᠠᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠶᠡᠭᠡ ᠮᠥᠷᠡᠨ ᠶᠡᠭᠡ ᠭᠤᠣᠯ ᠤᠨ ᠬᠠᠰᠢᠯᠭ᠎ᠠ ᠰᠡᠲᠡᠷᠡᠭᠦ᠂ ᠲᠣᠮᠣ ᠭᠡᠯᠪᠡᠷᠢ ᠶᠢᠨ ᠪᠠ ᠭᠤᠣᠯᠳᠠᠯᠭ᠎ᠠ ᠲᠠᠢ ᠳᠤᠮᠳᠠ ᠭᠡᠯᠪᠡᠷᠢ ᠶᠢᠨ | ᠤᠰᠤᠨ ᠴᠥᠭᠦᠷᠥᠮ ᠤᠨ ᠬᠠᠰᠢᠯᠭ᠎ᠠ ᠨᠤᠷᠠᠬᠤ ᠠᠴᠠ ᠡᠷᠡᠰ ᠵᠠᠶᠢᠯᠠᠰᠬᠢᠬᠦ ᠬᠡᠷᠡᠭᠲᠡᠢ᠃ ᠦᠶᠡᠷ ᠢ ᠰᠡᠷᠭᠡᠶᠢᠯᠡᠬᠦ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠦᠶᠡᠷ ᠢ ᠲᠣᠭᠲᠠᠭᠠᠬᠤ ᠣᠷᠣᠨ ᠤ ᠬᠡᠷᠡᠭᠯᠡᠬᠦ ᠪᠡᠯᠡᠳᠬᠡᠯ ᠢ ᠨᠠᠷᠢᠯᠢᠭᠵᠢᠭᠤᠯᠬᠤ ᠬᠡᠷᠡᠭᠲᠡᠢ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ᠂ | ᠪᠠᠷᠠᠭᠤᠨ ᠣᠷᠣᠨ ᠤ ᠰᠢᠲᠠᠮᠠᠬᠠᠢ ᠬᠡᠢ ᠶᠢ ᠵᠡᠭᠦᠨᠰᠢ ᠳᠠᠮᠵᠢᠭᠤᠯᠬᠤ᠂ ᠵᠠᠰᠠᠮᠠᠯ ᠵᠠᠮ ᠲᠡᠮᠦᠷ ᠵᠠᠮ ᠵᠡᠷᠭᠡ ᠴᠢᠬᠤᠯᠠ ᠰᠠᠭᠤᠷᠢ ᠲᠥᠬᠦᠭᠡᠷᠦᠮᠵᠢ ᠵᠢᠴᠢ ᠬᠤᠲᠠ ᠶᠢᠨ ᠭᠠᠵᠠᠷ | ᠳᠣᠣᠷᠠᠬᠢ ᠣᠷᠣᠨ ᠵᠠᠢ᠂ ᠬᠥᠭᠦᠷᠭᠡ ᠭᠤᠯᠳᠤᠩ ᠨᠦᠭᠡᠨ ᠵᠠᠮ ᠵᠡᠷᠭᠡ ᠭᠤᠣᠯᠳᠠᠯᠭ᠎ᠠ ᠲᠠᠢ ᠭᠠᠵᠠᠷ ᠲᠤ ᠴᠢᠭᠯᠡᠭᠦᠯᠵᠦ᠂ ᠠᠶᠤᠯ ᠲᠦᠭᠰᠢᠭᠦᠷᠢ ᠭᠡᠮ ᠰᠣᠭᠤᠭ ᠢ ᠤᠯᠠᠮ | ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ ᠠᠶᠠᠯᠠᠬᠤ ᠶᠢ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠵᠤ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ᠂ | ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠤᠷᠢᠳᠴᠢᠯᠠᠨ ᠪᠠᠶᠢᠷᠢᠯᠠᠭᠤᠯᠬᠤ ᠶᠢ ᠴᠢᠩᠭᠠᠳᠬᠠᠬᠤ ᠬᠡᠷᠡᠭᠲᠡᠢ᠃ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ | ᠴᠡᠷᠢᠭ ᠠᠩᠭᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠲᠥᠪ ᠤᠨ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠦᠴᠦᠨ ᠴᠠᠭ ᠢᠮᠠᠭᠲᠠ ᠪᠠᠴᠢᠮ ᠪᠠᠶᠢᠳᠠᠯ ᠢ | ᠠᠷᠭᠠᠴᠠᠬᠤ ᠪᠠᠶᠢᠳᠠᠯ ᠢᠶᠠᠨ ᠪᠠᠲᠤᠯᠠᠵᠤ᠂ ᠨᠢᠭᠡᠳᠦᠯᠲᠡᠢ ᠲᠣᠬᠢᠷᠠᠭᠤᠯᠭ᠎ᠠ ᠶᠢ ᠰᠣᠨᠣᠰᠴᠤ᠂ ᠲᠦᠷᠭᠡᠨ ᠬᠥᠳᠡᠯᠦᠯᠴᠡᠵᠦ᠂ ᠥᠨᠳᠥᠷ ᠪᠦᠲᠦᠮᠵᠢᠲᠡᠢ ᠪᠠᠷ ᠠᠪᠤᠷᠠᠨ | ᠲᠤᠰᠠᠯᠠᠬᠤ ᠶᠢ ᠪᠠᠲᠤᠯᠠᠬᠤ ᠬᠡᠷᠡᠭᠲᠡᠢ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠴᠠᠭ ᠲᠤᠬᠠᠢ ᠳᠤᠨᠢ ᠪᠠᠭᠤᠯᠭᠠᠵᠤ᠂ ᠭᠠᠮᠰᠢᠭ ᠠᠴᠠ ᠠᠪᠤᠷᠠᠬᠤ ᠡᠳ᠋ ᠪᠠᠷᠠᠭ᠎ᠠ ᠶᠢ | ᠲᠣᠬᠢᠷᠠᠭᠤᠯᠤᠨ ᠲᠡᠭᠡᠭᠡᠪᠦᠷᠢᠯᠡᠵᠦ᠂ ᠳᠠᠭᠠᠳᠬᠠᠯ ᠤᠨ ᠲᠥᠯᠥᠪᠦᠷᠢ ᠥᠭᠬᠦ ᠶᠢ ᠲᠦᠷᠭᠡᠳᠬᠡᠨ᠂ ᠭᠠᠮᠰᠢᠭᠳᠠᠭᠰᠠᠨ ᠣᠯᠠᠨ ᠲᠦᠮᠡᠨ ᠢ ᠲᠣᠬᠢᠲᠠᠢ ᠲᠥᠪᠬᠢᠨᠡᠭᠦᠯᠵᠦ᠂ | ᠣᠯᠠᠨ ᠲᠦᠮᠡᠨ ᠤ ᠡᠮᠨᠡᠭᠦᠯᠭᠦ᠂ ᠰᠤᠷᠤᠬᠴᠢᠳ ᠤᠨ ᠰᠤᠷᠭᠠᠭᠤᠯᠢ ᠡᠬᠢᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠤᠰᠤᠨ | ᠠᠰᠢᠭᠯᠠᠯᠲᠠ᠂ ᠴᠠᠭᠢᠯᠭᠠᠨ ᠬᠦᠴᠦᠨ᠂ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ ᠵᠡᠷᠭᠡ ᠡᠪᠳᠡᠭᠳᠡᠭᠰᠡᠨ ᠰᠠᠭᠤᠷᠢ ᠲᠥᠬᠦᠭᠡᠷᠦᠮᠵᠢ ᠶᠢ ᠱᠠᠯᠠᠪᠳᠠᠨ ᠰᠡᠯᠪᠢᠨ ᠵᠠᠰᠠᠵᠤ᠂ | ᠭᠠᠮᠰᠢᠭᠳᠠᠭᠰᠠᠨ ᠤᠯᠠᠨ ᠲᠦᠮᠡᠨ ᠢ ᠵᠣᠬᠢᠶᠠᠨ ᠪᠠᠶᠢᠭᠤᠯᠤᠨ ᠳᠠᠭᠠᠭᠤᠯᠵᠤ ᠦᠢᠯᠡᠳᠪᠦᠷᠢᠯᠡᠯ ᠢ ᠨᠢ ᠰᠡᠷᠭᠦᠭᠡᠵᠦ᠂ ᠭᠡᠷ ᠣᠷᠣᠨ ᠢ ᠨᠢ ᠲᠠᠭᠢᠨ ᠪᠠᠶᠢᠭᠤᠯᠬᠤ ᠬᠡᠷᠡᠭᠲᠡᠢ᠃ | ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠬᠤᠬᠢᠷᠠᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ | ᠬᠠᠯᠠᠮᠵᠢᠯᠠᠨ ᠬᠠᠪᠰᠤᠷᠴᠤ᠂ ᠭᠠᠮᠰᠢᠭ ᠠᠴᠠ ᠪᠣᠯᠵᠤ ᠶᠠᠳᠠᠭᠤᠷᠠᠬᠤ ᠪᠠ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠭᠡᠮ ᠰᠣᠭᠤᠭ ᠲᠠᠢ ᠤᠰᠤᠨ ᠴᠥᠭᠦᠷᠥᠮ᠂ ᠳᠤᠮᠳᠠ ᠪᠠᠭ᠎ᠠ ᠭᠤᠣᠯ ᠮᠥᠷᠡᠨ ᠤ ᠬᠠᠰᠢᠯᠭ᠎ᠠ ᠳᠠᠯᠠᠩ᠂ ᠦᠶᠡᠷ ᠢ ᠲᠣᠭᠲᠠᠭᠠᠬᠤ ᠣᠷᠣᠨ ᠵᠡᠷᠭᠡ ᠦᠶᠡᠷ ᠢ ᠰᠡᠷᠭᠡᠶᠢᠯᠡᠬᠦ | ᠢᠨᠵᠧᠨᠧᠷᠢᠩ ᠪᠣᠯᠣᠨ ᠲᠠᠷᠢᠶᠠᠨ ᠭᠠᠵᠠᠷ ᠤᠨ ᠤᠰᠤᠲᠤᠯ ᠢ ᠵᠠᠯᠠᠬᠤ ᠳᠤᠲᠠᠭᠤᠳᠠᠯ ᠢ ᠨᠥᠬᠦᠪᠦᠷᠢᠯᠡᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠣᠯᠣᠨ | ᠬᠦᠴᠦᠨ ᠢ ᠴᠢᠩᠭᠠᠳᠬᠠᠵᠤ᠂ ᠪᠦᠭᠦ ᠨᠡᠶᠢᠭᠡᠮ ᠤᠨ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠨ ᠬᠥᠭᠵᠢᠯᠲᠡ ᠶᠢ ᠠᠬᠢᠭᠤᠯᠬᠤ᠂ ᠭᠠᠵᠠᠷ | ᠣᠷᠣᠨ ᠤ ᠪᠠᠨ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ ᠤᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠨ ᠬᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠬᠤᠰᠢᠭᠤᠴᠢᠯᠠᠨ ᠵᠢᠯᠤᠭᠤᠳᠴᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠢ | ᠨᠢᠭᠲᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠠᠶᠢᠴᠢᠨ ᠪᠠᠬᠢᠯᠡᠯᠲᠡ | ᠪᠣᠯᠣᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠡᠮᠦᠨ᠎ᠡ | ᠹᠷᠣᠨᠲ ᠲᠤ ᠡᠷᠡᠯᠬᠡᠭᠯᠡᠨ ᠲᠡᠮᠡᠴᠡᠵᠦ᠂ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ |