ᠪᠣᠣ ᠭᠠᠩ ᠾᠧ ᠬᠠᠢ ᠳ᠋ᠦᠩ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠤ ᠺᠣᠮᠫᠠᠨᠢ ᠳᠤ ᠬᠦᠷᠴᠦ ᠠᠵᠢᠯ ᠵᠣᠯᠭᠠᠭᠤᠯᠪᠠ
ᠨᠡᠶᠢᠲᠡᠯᠡᠭᠰᠡᠨ ᠴᠠᠭ᠄
2024/7/3
      ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠤ ᠺᠣᠮᠫᠠᠨᠢ ᠳᠤ ᠬᠦᠷᠴᠦ ᠠᠵᠢᠯ ᠵᠣᠯᠭᠠᠭᠤᠯᠵᠤ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠤᠸᠠᠩ ᠾᠧ᠂ ᠶᠡᠷᠦᠩᠬᠡᠶ ᠳᠠᠭᠠᠭᠠᠮᠠᠯ ᠳ᠋ᠦ᠋ ᠶᠦᠩ ᠮᠢᠩ ᠲᠠᠢ ᠶᠠᠷᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠤ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠮᠠᠨ ᠤ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠬᠥᠬᠡᠬᠤᠲᠠ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠣᠷᠣᠨ ᠪᠦᠰᠡ ᠶᠢᠨ ᠲᠥᠪ︾ ᠢ ᠲᠦᠷᠭᠡᠨ ᠪᠠᠶᠢᠭᠤᠯᠵᠤ᠂ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠤ ᠺᠣᠮᠫᠠᠨᠢ ᠥᠩᠭᠡᠷᠡᠭᠰᠡᠨ ᠲᠠᠢ ᠪᠠᠨ ᠠᠳᠠᠯᠢ ᠪᠠᠷ ᠣᠷᠣᠨ ᠤ ᠲᠥᠪ ᠬᠤᠲᠠ ᠶᠢᠨ ᠬᠥᠭᠵᠢᠯᠲᠡ ᠶᠢ ᠠᠩᠬᠠᠷᠤᠨ ᠳᠡᠮᠵᠢᠵᠦ᠂ ᠣᠷᠣᠨ ᠪᠦᠰᠡ ᠶᠢᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠦᠢᠰᠦ ᠶᠢ ᠪᠠᠶᠢᠭᠤᠯᠬᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ᠂ ᠡᠯᠡᠰᠦᠨ ᠨᠢᠷᠤᠭᠤ ᠶᠢᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠬᠠᠮᠲᠤᠷᠠᠨ ᠪᠠᠶᠢᠭᠤᠯᠬᠤ᠂ ︽ᠬᠥᠬᠡᠬᠤᠲᠠ — ᠲᠢᠶᠠᠨᠵᠢᠨ ᠭᠠᠷᠠᠮ︾ ᠤᠨ ᠲᠡᠮᠦᠷ ᠵᠠᠮ ᠲᠡᠯᠡᠶ ᠶᠢᠨ ᠬᠠᠮᠲᠤᠷᠠᠭᠰᠠᠨ ᠲᠡᠭᠡᠭᠡᠪᠦᠷᠢ ᠵᠢᠴᠢ ᠵᠠᠮ ᠬᠠᠷᠢᠯᠴᠠᠭᠠᠨ ᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ ᠤ ᠲᠥᠪ ᠬᠤᠲᠠ ᠶᠢᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠳᠤᠮᠳᠠ ᠨᠠᠩ ᠣᠯᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠤ ᠬᠦᠴᠦᠨ ᠨᠡᠮᠡᠷᠢᠯᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠶᠢ ᠬᠦᠰᠡᠵᠦ ᠪᠠᠶᠢᠨ᠎ᠠ ᠭᠡᠵᠡᠢ᠃      ᠵᠤᠸᠠᠩ ᠾᠧ ᠬᠥᠬᠡᠬᠤᠲᠠ ᠶᠢᠨ ᠲᠡᠮᠦᠷ ᠵᠠᠮ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠴᠢᠬᠤᠯᠠᠴᠢᠯᠠᠨ ᠳᠡᠮᠵᠢᠭᠰᠡᠨ ᠳᠤ ᠲᠠᠯᠠᠷᠬᠠᠬᠤ ᠶᠢᠨ ᠬᠠᠮᠲᠤ ᠮᠠᠨ ᠤ ᠬᠤᠳᠠ ᠶᠢᠨ ᠳᠤᠷᠠᠳᠤᠭᠰᠠᠨ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠵᠦᠢᠯᠡᠰ ᠲᠤ ᠢᠳᠡᠪᠬᠢᠲᠡᠢ ᠬᠠᠷᠢᠭᠤᠯᠲᠠ ᠥᠭᠴᠡᠢ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠤ ᠺᠣᠮᠫᠠᠨᠢ ᠲᠡᠮᠦᠷ ᠵᠠᠮ ᠤᠨ ᠦᠢᠯᠡᠴᠢᠯᠡᠭᠡᠨ ᠤ ᠬᠥᠭᠵᠢᠯᠲᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠷᠣᠨ ᠤ ᠲᠥᠪ ᠬᠤᠲᠠ ᠶᠢᠨ ᠠᠶᠠᠨᠴᠢᠳ ᠢ ᠲᠥᠪᠯᠡᠷᠡᠭᠦᠯᠦᠨ ᠲᠠᠷᠬᠠᠭᠠᠬᠤ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠤᠨ᠂ ᠳᠡᠭᠡᠳᠦ ᠬᠤᠷᠳᠤᠴᠠᠲᠤ ᠲᠡᠮᠦᠷ ᠵᠠᠮ ᠤᠨ ᠲᠣᠣᠷ ᠰᠦᠯᠵᠢᠶ᠎ᠡ᠂ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠰᠦᠯᠵᠢᠶᠡᠨ ᠤ ᠪᠠᠶᠢᠷᠢᠰᠢᠭᠤᠯᠤᠯᠲᠠ ᠶᠢ ᠲᠦᠷᠭᠡᠳᠬᠡᠵᠦ᠂ ᠪᠡᠭᠡᠵᠢᠩ ᠳᠤ ᠣᠷᠣᠬᠤ ᠳᠡᠭᠡᠳᠦ ᠬᠤᠷᠳᠤᠴᠠᠲᠤ ᠲᠡᠮᠦᠷ ᠵᠠᠮ ᠤᠨ ᠠᠶᠠᠯᠠᠯ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠵᠤ᠂ ᠨᠠᠩ ᠣᠯᠠᠨ ᠵᠢᠭᠤᠯᠴᠢᠯᠠᠯ ᠤᠨ ᠲᠤᠰᠬᠠᠶ ᠭᠠᠯᠲᠤ ᠲᠡᠷᠭᠡᠨ ᠤ ᠨᠠᠷᠠᠲᠤ ᠲᠡᠮᠳᠡᠭᠲᠦ ᠶᠢ ᠭᠠᠷᠭᠠᠬᠤ ᠪᠣᠯᠤᠨ᠎ᠠ ᠭᠡᠵᠡᠶ᠃ ᠣᠷᠣᠨ ᠤ ᠲᠥᠪ ᠬᠤᠲᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠨᠡᠮᠡᠭᠳᠡᠯ ᠤᠨ ᠬᠡᠮᠵᠢᠶ᠎ᠡ ᠶᠢ ᠥᠷᠭᠡᠳᠬᠡᠨ᠂ ᠪᠠᠷᠠᠭᠠᠨ ᠤ ᠲᠡᠭᠡᠭᠡᠪᠦᠷᠢ ᠶᠢᠨ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠡᠯᠡᠰᠦᠨ ᠨᠢᠷᠤᠭᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠡᠬᠢ ᠪᠠᠶᠠᠯᠢᠭ ᠢ ᠲᠥᠪᠯᠡᠷᠡᠭᠦᠯᠬᠦ ᠪᠠ ᠣᠷᠣᠨ ᠪᠦᠰᠡ ᠶᠢᠨ ᠨᠥᠯᠥᠭᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠢ ᠰᠢᠯᠤᠭᠤᠳᠬᠠᠵᠤ᠂ ᠣᠷᠣᠨ ᠤ ᠲᠥᠪ ᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃      ᠶᠠᠷᠢᠯᠴᠠᠬᠤ ᠬᠤᠷᠠᠯ ᠠᠴᠠ ᠡᠮᠦᠨ᠎ᠡ᠂ ᠪᠣᠣ ᠭᠠᠩ ᠨᠠᠷ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠤ ᠺᠣᠮᠫᠠᠨᠢ ᠶᠢᠨ ᠲᠤᠬᠢᠷᠠᠭᠤᠯᠬᠤ ᠭᠠᠵᠠᠷ ᠢ ᠲᠣᠭᠤᠷᠢᠨ ᠦᠵᠡᠵᠦ᠂ ᠲᠤᠬᠢᠷᠠᠭᠤᠯᠤᠨ ᠵᠢᠯᠣᠭᠤᠳᠬᠤ ᠪᠠ ᠲᠡᠭᠡᠭᠡᠪᠦᠷᠢ ᠶᠢᠨ ᠵᠣᠬᠢᠶᠠᠨ ᠪᠠᠶᠢᠭᠤᠯᠬᠤ ᠠᠵᠢᠯ ᠢ ᠣᠶᠢᠯᠠᠭᠠᠪᠠ᠃      ᠬᠤᠲᠠ ᠶᠢᠨ ᠤᠳᠤᠷᠢᠳᠤᠯᠭ᠎ᠠ ᠯᠢ ᠰᠢᠶᠣᠣ ᠶᠠᠨ᠂ ᠸᠠᠩ ᠰᠢᠨ ᠢᠦᠶ᠂ ᠼᠤᠤ ᡁᠢ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ