ᠪᠣᠣ ᠭᠠᠩ ᠾᠧ ᠬᠠᠢ ᠳ᠋ᠦᠩ ᠵᠦᠩ ᠯᠢᠶᠠᠩ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦᠢ ᠵᠢᠶᠦ᠋ᠨ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/3
       ︵ᠰᠤᠷᠪᠤᠯᠵᠢᠯᠠᠭᠴᠢ ᠭᠧᠩ ᠰᠢᠨ︶ 7 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠵᠦᠩ ᠯᠢᠶᠠᠩ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢᠦᠶ ᠵᠢᠶᠦ᠋ᠨ ᠨᠡᠷ ᠲᠠᠢ ᠠᠭᠤᠯᠵᠠᠪᠠ᠃      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠯᠢᠦᠢ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠵᠦᠩ ᠯᠢᠶᠠᠩ ᠪᠦᠯᠦᠭᠯᠡᠯ ᠵᠢᠴᠢ ᠬᠠᠷᠢᠶᠠᠨ ᠤ ᠮᠧᠩ ᠨᠢᠦ ᠪᠦᠯᠦᠭᠯᠡᠯ ᠤᠨ ᠬᠥᠬᠡᠬᠤᠲᠠ ᠶᠢᠨ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠤᠨ᠎ᠠ᠃ ᠣᠳᠣᠬᠠᠨ ᠳᠤ᠂ ᠬᠥᠬᠡᠬᠤᠲᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠣᠭᠤᠷᠢᠨ ᠳᠤ᠂ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠭᠤᠣᠯ ᠪᠣᠯᠭᠠᠭᠰᠠᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠭᠡᠮᠨᠡᠷᠡᠯ ᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ ᠪᠠᠶᠢᠨ᠎ᠠ᠃ ᠵᠦᠩ ᠯᠢᠶᠠᠩ ᠪᠦᠯᠦᠭᠯᠡᠯ ᠪᠣᠯ ᠳᠤᠮᠳᠠᠳᠤ ᠤᠯᠤᠰ ᠤᠨ ᠲᠠᠷᠢᠶᠠᠯᠠᠩ ᠠᠮᠤ ᠪᠤᠳᠠᠭᠠᠨ ᠤ ᠠᠵᠢᠯ ᠲᠦᠷᠦᠯ ᠤᠨ ᠳᠠᠭᠠᠭᠤᠯᠤᠭᠴᠢ ᠪᠣᠯᠤᠨ᠎ᠠ᠂ ᠠᠵᠤ ᠠᠬᠤᠶᠢᠯᠠᠯ ᠤᠨ ᠬᠢᠨ ᠲᠦᠷᠦᠯ ᠲᠡᠮᠳᠡᠭ᠂ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠳᠠᠬᠢ ᠲᠦᠷᠦᠯ ᠵᠦᠢᠯ ᠢ ᠪᠠᠶᠢᠷᠢᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠬᠦᠷᠢᠶᠡᠨ ᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠂ ᠪᠢᠳᠡ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠬᠡᠬᠤᠲᠠ ᠳᠠᠬᠢ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ ᠭᠡᠵᠡᠢ᠃      ᠯᠢᠦᠢ ᠵᠢᠶᠦ᠋ᠨ ᠬᠥᠬᠡᠬᠤᠲᠠ ᠶᠢᠨ ᠤᠷᠳᠤ ᠬᠤᠭᠤᠴᠠᠭᠠᠨ ᠤ ᠲᠤᠷᠰᠢ ᠵᠦᠩ ᠯᠢᠶᠠᠩ ᠪᠦᠯᠦᠭᠯᠡᠯ ᠳᠤ ᠦᠵᠡᠭᠦᠯᠦᠭᠰᠡᠨ ᠬᠠᠯᠠᠮᠵᠢᠯᠠᠯ ᠪᠠ ᠳᠡᠮᠵᠢᠯᠭᠡ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠡᠷᠴᠢᠮᠲᠡᠢ᠂ ᠵᠦᠩ ᠯᠢᠶᠠᠩ ᠪᠦᠯᠦᠭᠯᠡᠯ ᠬᠥᠬᠡᠬᠤᠲᠠ ᠳᠠᠬᠢ ᠬᠥᠭᠵᠢᠯᠲᠡ ᠳᠤ ᠢᠲᠡᠭᠡᠯ ᠲᠡᠭᠦᠯᠳᠡᠷ ᠪᠠᠶᠢᠵᠤ᠂ ᠲᠥᠪ ᠤᠨ ᠠᠵᠤ ᠠᠬᠤᠶᠢᠯᠠᠯ ᠤᠨ ᠡᠭᠦᠷᠭᠡᠯᠡᠯ ᠢ ᠴᠢᠨᠠᠭᠰᠢᠳᠠ ᠴᠢᠩᠭᠠᠳᠬᠠᠵᠤ᠂ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠥᠷᠭᠡᠴᠡ ᠪᠣᠯᠣᠨ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠮᠠ ᠪᠢᠩ ᠴᠢᠤᠸᠠᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠨᠦᠬᠦᠳ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ