ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠥᠪ ᠤᠨ ᠣᠨᠴᠠᠭᠠᠢ ᠰᠤᠷᠭᠠᠨ ᠬᠥᠮᠦᠵᠢᠯ ᠤᠨ ᠨᠥᠬᠦᠪᠥᠷᠢ ᠮᠥᠩᠭᠦ ᠶᠢ 118 ᠲᠦᠮᠡᠨ ᠲᠥᠭᠦᠷᠢᠭ ᠪᠠᠭᠤᠯᠭᠠᠵᠠᠢ
ᠨᠡᠶᠢᠲᠡᠯᠡᠭᠰᠡᠨ ᠴᠠᠭ᠄
2024/7/3
       ︵ᠰᠤᠷᠪᠤᠯᠵᠢᠯᠠᠭᠴᠢ ᠰᠦᠩ ᠰᠢᠶᠠᠩ ᠬᠤᠸᠠ︶ ᠣᠨᠴᠠᠭᠠᠢ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠪᠡᠯᠡ ᠮᠥᠩᠭᠦ ᠪᠣᠯ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠣᠨᠴᠠᠭᠠᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠬᠦ ᠲᠤᠰᠬᠠᠶ ᠵᠦᠢᠯ ᠤᠨ ᠪᠡᠯᠡ ᠮᠥᠩᠭᠦ ᠪᠣᠯᠤᠨ᠎ᠠ᠃ ︽2024 ᠣᠨ ᠤ ᠣᠨᠴᠠᠭᠠᠢ ᠰᠤᠷᠭᠠᠨ ᠬᠥᠮᠦᠵᠢᠯ ᠤᠨ ᠨᠥᠬᠦᠪᠥᠷᠢ ᠪᠡᠯᠡ ᠮᠥᠩᠭᠦ ᠶᠢᠨ ᠲᠥᠰᠥᠪ ᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠤᠶᠢᠷ᠎ᠠ ᠶᠢᠨ ᠡᠳᠦᠷ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠲᠥᠪ ᠤᠨ ᠣᠨᠴᠠᠭᠠᠢ ᠰᠤᠷᠭᠠᠨ ᠬᠥᠮᠦᠵᠢᠯ ᠤᠨ ᠨᠥᠬᠦᠪᠥᠷᠢ ᠪᠡᠯᠡ ᠮᠥᠩᠭᠦ ᠶᠢ 118 ᠲᠦᠮᠡᠨ ᠲᠥᠭᠦᠷᠢᠭ ᠪᠠᠭᠤᠯᠭᠠᠵᠤ᠂  ᠦᠴᠤᠸᠠᠨ ᠰᠢᠶᠠᠨ ᠤ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠬᠢ ᠪᠠᠶᠠᠯᠢᠭ ᠤᠨ ᠲᠥᠪ ᠤᠨ ᠪᠦᠲᠦᠭᠡᠨ ᠪᠠᠢᠭᠤᠯᠤᠯᠲᠠ ᠶᠢᠨ ᠲᠥᠷᠥᠯ ᠵᠦᠢᠯ ᠳᠤ ᠲᠤᠰᠬᠠᠢ ᠬᠡᠷᠡᠭᠯᠡᠬᠦ ᠪᠤᠯᠤᠨ᠎ᠠ᠃      ᠡᠨᠡ ᠬᠤᠭᠤᠴᠠᠭᠠᠨ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠢᠶ᠎ᠠ ᠪᠥᠬᠦᠶ ᠬᠤᠰᠢᠭᠤ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠶᠢ ︽︿ᠣᠨᠴᠠᠭᠠᠶ ᠰᠤᠷᠭᠠᠨ ᠬᠥᠮᠦᠵᠢᠯ ᠤᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ︾ ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠣᠨᠴᠠᠭᠠᠶ ᠨᠥᠬᠦᠪᠥᠷᠢ ᠶᠢᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠥᠰᠦᠪ ᠤᠨ ᠭᠦᠢᠴᠡᠳᠬᠡᠯ ᠲᠤᠭ᠎ᠠ ᠶᠢ ᠵᠠᠳᠠᠯᠤᠨ ᠪᠠᠭᠤᠯᠭᠠᠬᠤ ᠠᠵᠢᠯ ᠢ ᠰᠠᠶᠢᠲᠤᠷ ᠬᠢᠵᠦ᠂ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠲᠤᠰᠬᠠᠶ ᠪᠡᠯᠡ ᠮᠦᠩᠭᠦ ᠢ ᠲᠤᠰᠬᠠᠶ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ