ᠲᠥᠪ ᠲᠧᠯᠸᠢᠰ ᠤᠨ ︽ᠡᠷᠳᠡᠮᠲᠡᠳ ᠤᠨ ᠶᠠᠷᠢᠶᠠᠨ ᠤ ᠲᠠᠪᠴᠠᠩ︾ ᠤᠨ ᠭᠤᠤᠯᠯᠠᠨ ᠶᠠᠷᠢᠭᠴᠢ ᠡᠷᠬᠢᠮ ᠵᠤᠴᠢᠨ ᠬᠦᠬᠡᠬᠤᠳᠠ ᠳᠤ ᠰᠠᠭᠠᠲᠠᠪᠠ
ᠨᠡᠶᠢᠲᠡᠯᠡᠭᠰᠡᠨ ᠴᠠᠭ᠄
2024/7/3
 
0703.jpg
       7 ᠳ᠋ᠤᠭᠠᠷ ᠰᠠᠷ᠎ᠠ ᠶᠢᠨ 2 ᠤᠨ ᠡᠳᠦᠷ᠂ 159 ᠳ᠋ᠤᠭᠡᠷ ᠬᠤᠭᠤᠴᠠᠭᠠᠨ ᠤ ᠬᠦᠬᠡᠬᠤᠳᠠ ᠶᠢᠨ ᠰᠣᠶᠣᠯ ᠤᠨ ᠶᠠᠷᠢᠶᠠᠨ ᠤ ᠲᠠᠪᠴᠠᠩ ᠬᠥᠬᠡᠬᠤᠲᠠ ᠶᠢᠨ ᠨᠣᠮ ᠤᠨ ᠰᠠᠩ ᠤᠨ ᠣᠯᠠᠨ ᠴᠢᠳᠠᠮᠵᠢᠳᠣ ᠲᠢᠩᠬᠢᠮ ᠳᠤ ᠶᠠᠪᠤᠭᠳᠠᠪᠠ᠃ ᠲᠠᠶᠢᠯᠤᠮᠵᠢ ᠳᠤ ᠤᠳᠬ᠎ᠠ ᠵᠣᠬᠢᠶᠠᠯ ᠤᠨ ᠳ᠋ᠣᠺᠲ᠋ᠣᠷ᠂ ᠲᠥᠪ ᠲᠧᠯᠸᠢᠰ ᠤᠨ ︽ᠡᠷᠳᠡᠮᠲᠡᠳ ᠤᠨ ᠶᠠᠷᠢᠶᠠᠨ ᠤ ᠲᠠᠪᠴᠠᠩ︾ ᠤᠨ ᠭᠤᠤᠯᠯᠠᠨ ᠶᠠᠷᠢᠭᠴᠢ ᠡᠷᠬᠢᠮ ᠵᠤᠴᠢᠨ ᠪᠦᠦ ᠫᠧᠩ ᠱᠠᠨ ᠢ ᠣᠨᠴᠠ ᠤᠷᠢᠵᠤ᠂ ︽ᠮᠠᠨ ᠤ ᠦᠨᠳᠦᠰᠦ ᠪᠠ ᠡᠭᠦᠰᠦᠯ —ᠪᠦᠦ ᠫᠧᠩ ᠱᠠᠨ ᠠᠴᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠠᠷᠢᠬᠤ ᠨᠢ︾ ᠭᠡᠬᠦ ᠭᠤᠤᠯ ᠰᠡᠳᠦᠪᠲᠦ ᠲᠠᠶᠢᠯᠤᠮᠵᠢ ᠪᠠᠷ ᠳᠠᠮᠵᠢᠨ᠂ ᠥᠷᠭᠡᠨ ᠣᠯᠠᠨ ᠬᠤᠲᠠ ᠶᠢᠨ ᠠᠷᠠᠳ ᠤᠩᠰᠢᠭᠴᠢᠳ ᠲᠠᠢ ᠬᠠᠮᠲᠤ ᠪᠠᠷ ᠤᠯᠠᠮᠵᠢᠯᠠᠯᠲᠤ ᠰᠣᠶᠣᠯ ᠤᠨ ᠣᠬᠢ ᠰᠣᠳᠣ ᠶᠢ ᠡᠷᠢᠯᠬᠢᠯᠡᠪᠡ᠃      ᠰᠤᠷᠪᠤᠯᠵᠢᠯᠠᠭᠴᠢ ᠯᠢᠦ ᠴᠢᠩ ᠢᠦᠢ   ᠲᠠᠳᠤᠯᠭ᠎ᠠ ᠰᠤᠷᠪᠤᠯᠵᠢᠯᠠᠭᠴᠢ ᠬᠤᠤ ᠰᠢᠤᠢ ᠵᠢᠶᠧ ᠰᠡᠭᠦᠲᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ