ᠬᠥᠬᠡᠬᠤᠲᠠ ᠶᠢᠨ ᠡᠳ᠋ ᠤᠨ ᠵᠠᠰᠠᠭ ᠣᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠨ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2024/7/30
      ᠣᠶᠢᠷ᠎ᠠ ᠶᠢᠨ ᠵᠢᠯ ᠤᠳ ᠲᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠭᠡᠵᠦ᠂ ᠪᠦᠬᠦ ᠬᠤᠲᠠ ᠶᠢᠨ ︽ᠴᠢᠳᠠᠪᠤᠷᠢᠲᠠᠨ ᠬᠡᠷᠡᠭᠯᠡᠬᠦ︾ ᠪᠡᠯᠡ ᠮᠥᠩᠭᠦ ᠶᠢᠨ ᠪᠠᠲᠤᠯᠠᠭ᠎ᠠ ᠶᠢ ᠲᠠᠰᠤᠷᠠᠯᠲᠠ ᠦᠭᠡᠢ ᠪᠠᠲᠤᠳᠬᠠᠪᠠ᠃      2023 ᠣᠨ ᠳᠤ᠂ ᠬᠥᠬᠡᠬᠤᠲᠠ ᠶᠢᠨ ᠴᠢᠳᠠᠪᠤᠷᠢᠲᠠᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠴᠢᠳᠠᠪᠤᠷᠢᠲᠠᠨ ᠤ ᠲᠤᠰᠬᠠᠶ ᠵᠠᠷᠤᠳᠠᠯ ᠢ ᠨᠡᠶᠢᠲᠡ 9773.65 ᠲᠦᠮᠡᠨ ᠲᠥᠭᠦᠷᠢᠭ ᠰᠠᠯᠭᠠᠨ ᠥᠭᠪᠡ᠃ ᠡᠭᠦᠨ ᠳᠤ᠂ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠨᠢᠭᠡᠨᠲᠡ ᠤᠷᠢᠨ ᠠᠪᠴᠢᠷᠠᠭᠰᠠᠨ 759 ᠴᠢᠳᠠᠪᠤᠷᠢᠲᠠᠨ ᠤ ᠲᠥᠪᠬᠢᠨᠡᠭᠦᠯᠬᠦ ᠵᠠᠷᠤᠳᠠᠯ ᠤᠨ ᠨᠥᠬᠦᠪᠥᠷᠢ ᠶᠢ ᠭᠤᠤᠯᠳᠠᠯᠭ᠎ᠠ ᠲᠠᠢ ᠰᠠᠯᠭᠠᠨ ᠥᠭᠴᠦ᠂ 4467.6 ᠲᠦᠮᠡᠨ ᠲᠥᠭᠦᠷᠢᠭ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠴᠢᠳᠠᠪᠤᠷᠢᠲᠠᠨ ᠤ ᠲᠥᠷᠥᠯ ᠵᠦᠢᠯ ᠢ ᠲᠣᠭᠲᠠᠭᠠᠬᠤ ᠨᠥᠬᠦᠪᠥᠷᠢ ᠵᠢᠴᠢ ᠱᠠᠩᠨᠠᠬᠤ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠳᠤ ᠬᠡᠷᠡᠭᠯᠡᠵᠦ᠂ 1800 ᠲᠦᠮᠡᠨ ᠲᠥᠭᠦᠷᠢᠭ ᠢ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠳᠤ ᠬᠡᠷᠡᠭᠯᠡᠪᠡ᠃      2024 ᠣᠨ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 1106.8 ᠲᠦᠮᠡᠨ ᠲᠥᠭᠦᠷᠢᠭ ᠲᠣᠬᠢᠷᠠᠭᠤᠯᠵᠤ᠂ ᠬᠤᠷᠢᠨᠭᠡᠷ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠴᠢᠳᠠᠪᠤᠷᠢᠲᠠᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠪᠠᠲᠤᠯᠠᠪᠠ︔ ᠴᠢᠳᠠᠪᠤᠷᠢᠲᠠᠨ ᠤ ᠠᠵᠢᠯ ᠤᠨ ᠵᠠᠷᠤᠳᠠᠯ ᠳᠤ 1 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠬᠠᠮᠢᠶ᠎ᠠ ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠳᠤ ᠬᠡᠷᠡᠭᠯᠡᠪᠡ᠃ ᠳᠡᠭᠡᠳᠦ ᠱᠠᠲᠤᠨ ᠤ ᠪᠠᠯᠠ ᠮᠥᠩᠭᠦ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠲᠡᠮᠡᠴᠡᠨ ᠣᠯᠵᠤ᠂ ᠣᠲᠣ ᠪᠣᠯᠲᠠᠯ᠎ᠠ᠂ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨ ᠤ ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ ᠤ ᠢᠨᠵᠧᠨᠧᠷᠢᠩ ᠤᠨ ᠲᠤᠰᠬᠠᠶ ᠨᠥᠬᠦᠪᠥᠷᠢ ᠶᠢᠨ ᠪᠠᠯᠠ ᠮᠥᠩᠭᠦ ᠶᠢ 479.6 ᠲᠦᠮᠡᠨ ᠲᠥᠭᠦᠷᠢᠭ ᠲᠡᠮᠡᠴᠡᠨ ᠤᠯᠪᠠ᠃      ᠡᠭᠦᠨ ᠤ ᠬᠠᠮᠲᠤ᠂ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠵᠦ᠂ ︽ᠴᠢᠳᠠᠪᠤᠷᠢᠲᠠᠨ ᠢ ᠬᠥᠮᠦᠵᠢᠭᠦᠯᠬᠦ︾ ᠴᠢᠨᠠᠷ ᠰᠠᠶᠢᠲᠠᠶ ᠬᠥᠷᠥᠰᠥ ᠰᠢᠷᠣᠶ ᠶᠢ ᠵᠤᠵᠠᠭᠠᠳᠬᠠᠪᠠ᠃ 2024 ᠣᠨ ᠳᠤ᠂ ᠣᠷᠣᠨ ᠤ ᠲᠥᠪ ᠬᠤᠲᠠ ᠶᠢᠨ ᠡᠳ᠋ ᠤᠨ ᠵᠠᠰᠠᠭ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠢᠵᠢ ᠪᠦᠷᠢᠳᠦᠭᠦᠯᠬᠦ ᠪᠡᠯᠡ ᠮᠥᠩᠭᠦ ᠳᠤ ᠨᠡᠶᠢᠲᠡ 4.69 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ︔ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠳᠤ ᠨᠡᠶᠢᠲᠡ 2.14 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠬᠦ ᠶᠢ ᠠᠬᠢᠭᠤᠯᠪᠠ︔ ᠨᠡᠶᠢᠲᠡ 2.46 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠡᠭᠦᠨ ᠠᠴᠠ ᠭᠠᠳᠠᠨ᠎ᠠ᠂ 5 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠪᠣᠯᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠱᠠᠲᠤ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠯᠠᠭᠤᠯᠤᠯᠲᠠ ᠶᠢ ᠲᠣᠬᠢᠷᠠᠭᠤᠯᠬᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠰᠤᠷᠭᠠᠨ ᠬᠥᠮᠦᠵᠢᠯ ᠤᠨ ᠵᠢᠭᠠᠨ ᠰᠤᠷᠭᠠᠬᠤ ᠪᠡᠯᠡᠳᠬᠡᠮᠵᠢ ᠶᠢ ᠨᠥᠬᠦᠪᠥᠷᠢᠯᠡᠨ ᠲᠡᠭᠦᠯᠳᠡᠷᠵᠢᠭᠦᠯᠬᠦ ᠵᠡᠷᠭᠡ ᠲᠠᠯ᠎ᠠ ᠶᠢᠨ ᠵᠠᠷᠤᠯᠭ᠎ᠠ ᠳᠤ ᠲᠤᠰᠬᠠᠶ ᠵᠦᠢᠯ ᠢᠶᠠᠷ ᠬᠡᠷᠡᠭᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ