ᠰᠢᠨᠬᠤᠸᠠ ᠭᠤᠷᠪᠠᠳᠤᠭᠠᠷ ᠪᠦᠯᠦᠭᠯᠡᠯ ᠤᠨ ᠲᠥᠪ ᠲᠤᠷᠰᠢᠯᠲᠠ ᠶᠢᠨ ᠲᠠᠰᠤᠭ ᠮᠠᠨ ᠤ ᠬᠤᠲᠠ ᠳᠤ ᠣᠷᠣᠵᠤ ᠰᠠᠭᠤᠭᠰᠠᠨ ᠪᠥᠭᠡᠳ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/7/4
ᠪᠣᠣ ᠭᠠᠩ ᠾᠧ ᠬᠠᠢ ᠳ᠋ᠦᠩ ᠢᠦᠢ ᠶᠢᠩ ᠲᠤᠤ ᠬᠤᠷᠠᠯ ᠳᠤ ᠣᠷᠣᠯᠴᠠᠪᠠ      ︵ᠰᠤᠷᠪᠤᠯᠵᠢᠯᠠᠭᠴᠢ ᠭᠧᠩ ᠰᠢᠨ︶ 7 ᠳ᠋ᠤᠭᠠᠷ ᠰᠠᠷ᠎ᠠ ᠶᠢᠨ 3 ᠤ ᠡᠳᠦᠷ᠂ ᠰᠢᠨᠬᠤᠸᠠ ᠭᠤᠷᠪᠠᠳᠤᠭᠠᠷ ᠪᠦᠯᠦᠭᠯᠡᠯ ᠤᠨ ᠲᠥᠪ ᠲᠤᠷᠰᠢᠯᠲᠠ ᠶᠢᠨ ᠲᠠᠰᠤᠭ ᠮᠠᠨ ᠤ ᠬᠤᠲᠠ ᠳᠤ ᠣᠷᠣᠵᠤ ᠰᠠᠭᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ᠂ ᠽᠢ ᠭᠤᠸᠠᠩ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠰᠢᠨᠬᠤᠸᠠ ᠭᠤᠷᠪᠠᠳᠤᠭᠠᠷ ᠪᠦᠯᠦᠭᠯᠡᠯ ᠤᠨ ᠶᠡᠷᠦᠩᠬᠡᠢ ᠵᠠᠬᠢᠷᠤᠭᠴᠢ ᠪᠥᠭᠡᠳ ᠲᠡᠷᠢᠭᠦᠨ ᠭᠦᠢᠴᠡᠳᠬᠡᠭᠴᠢ ᠳᠠᠷᠤᠭ᠎ᠠ ᠢᠦᠢ ᠶᠢᠩ ᠲᠤᠤ ᠣᠷᠣᠵᠤ ᠰᠠᠭᠤᠬᠤ ᠶᠣᠰᠣᠯᠠᠯ ᠳᠤ ᠣᠷᠣᠯᠴᠠᠭᠰᠠᠨ ᠪᠥᠭᠡᠳ ᠬᠠᠮᠲᠤᠪᠠᠷ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃      ᠰᠢᠨᠬᠤᠸᠠ ᠭᠤᠷᠪᠠᠳᠤᠭᠠᠷ ᠪᠦᠯᠦᠭᠯᠡᠯ ᠤᠨ ᠲᠥᠪ ᠲᠤᠷᠰᠢᠯᠲᠠ ᠶᠢᠨ ᠲᠠᠰᠤᠭ ᠨᠢ ᠪᠦᠯᠦᠭᠯᠡᠯ ᠤᠨ ᠪᠡᠭᠡᠵᠢᠩ᠂ ᠬᠠᠩᠵᠧᠦ᠂ ᠴᠧᠩᠳᠦ᠋᠂ ᠾᠧᠹᠧᠢ᠂ ᠵᠧᠩᠵᠧᠦ᠂ ᠰᠢ ᠠᠨ᠂ ᠭᠤᠸᠠᠩᠵᠧᠦ᠂ ᠱᠠᠩᠬᠠᠶ ᠵᠡᠷᠭᠡ ᠤᠯᠠᠨ ᠭᠠᠵᠠᠷ ᠤᠨ ᠰᠤᠳᠤᠯᠤᠨ ᠨᠡᠭᠡᠭᠡᠬᠦ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ ᠲᠣᠭᠠᠴᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠥᠪ᠂ ᠲᠣᠭᠠᠴᠢᠯᠠᠭᠰᠠᠨ ᠠᠵᠤ ᠦᠢᠯᠡᠰ ᠪᠣᠯᠤᠨ ᠲᠣᠭᠠᠴᠢᠯᠠᠭᠰᠠᠨ ᠠᠵᠤ ᠠᠬᠤᠢ ᠶᠢᠨ ᠨᠡᠪᠴᠢᠭᠦᠯᠬᠦ ᠲᠥᠪ᠂ ᠲᠣᠭᠠᠴᠢᠯᠠᠭᠰᠠᠨ ᠵᠦᠭ ᠬᠡᠯᠪᠡᠷᠢ ᠶᠢ ᠬᠤᠪᠢᠷᠠᠭᠤᠯᠬᠤ ᠦᠢᠯᠡᠳᠦᠯᠭᠡ ᠶᠢᠨ ᠲᠥᠪ᠂ ᠲᠣᠭᠠᠴᠢᠯᠠᠭᠰᠠᠨ ᠨᠡᠭᠦᠷᠡᠰᠦᠲᠥ᠋ᠷᠥᠭᠴᠢ ᠦᠭᠡᠢ ᠵᠢᠱᠢᠶ᠎ᠡ ᠦᠵᠡᠭᠦᠯᠬᠦ ᠲᠥᠪ᠂ ᠴᠢᠳᠠᠪᠤᠷᠢᠲᠠᠨ ᠤ ᠪᠣᠯᠪᠠᠰᠤᠷᠠᠯ ᠤᠨ ᠲᠥᠪ ᠢ ᠪᠠᠶᠢᠭᠤᠯᠵᠤ᠂ ︽ᠥᠪᠥᠷ ᠮᠣᠩᠭᠤᠯ ᠳᠤ ᠦᠨᠳᠦᠰᠦᠯᠡᠵᠦ᠂ ᠪᠦᠬᠦ ᠤᠯᠤᠰ ᠢ ᠨᠥᠯᠥᠭᠡᠯᠡᠬᠦ︾ ᠲᠣᠭᠠᠴᠢᠯᠠᠭᠰᠠᠨ ᠬᠥᠭᠵᠢᠯᠲᠡ ᠶᠢᠨ ᠰᠢᠨ᠎ᠡ ᠶᠢ ᠡᠭᠦᠳᠬᠦ ᠬᠥᠳᠡᠯᠭᠡᠭᠦᠷ ᠲᠠᠪᠴᠠᠩ ᠢ ᠪᠦᠷᠢᠯᠳᠦᠭᠦᠯᠬᠦ ᠪᠣᠯᠤᠨ᠎ᠠ᠃ ᠲᠤᠷᠰᠢᠯᠲᠠ ᠶᠢᠨ ᠲᠠᠰᠤᠭ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠪᠠᠢ ᠶᠧ ᠯᠢᠩ ᠰᠢ ᠬᠤᠪᠢ ᠶᠢᠨ ᠬᠡᠪᠴᠢᠶᠡᠨ ᠤ ᠲᠣᠮᠣ ᠵᠠᠭᠪᠤᠷ ᠢ ᠪᠠᠶᠢᠷᠢᠯᠠᠭᠤᠯᠵᠤ᠂ ᠭᠤᠤᠯᠳᠠᠯᠭ᠎ᠠ ᠲᠠᠢ ᠠᠵᠤ ᠦᠢᠯᠡᠰ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠯᠠᠨ ᠨᠡᠶᠢᠲᠡ ᠶᠢᠨ ᠦᠢᠯᠡᠴᠢᠯᠡᠭᠡ᠂ ᠭᠠᠳᠠᠭᠠᠳᠤ ᠨᠡᠭᠡᠭᠡᠯᠲᠡ ᠵᠡᠷᠭᠡ ᠬᠦᠷᠢᠶᠡᠨ ᠳᠤ ᠤᠷᠢᠳᠠᠪᠠᠷ ᠠᠰᠢᠭᠯᠠᠯᠲᠠ ᠳᠤ ᠣᠷᠣᠵᠤ᠂ ᠣᠷᠣᠨ ᠤ ᠲᠥᠪ ᠬᠤᠲᠠ ᠶᠢ ᠳᠠᠶᠢᠴᠢᠯᠠᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠲᠦᠷᠭᠡᠳᠬᠡᠨ ᠪᠠᠶᠢᠭᠤᠯᠬᠤ ᠳᠤ ᠦᠢᠯᠡᠴᠢᠯᠡᠨ᠎ᠡ᠃      ᠣᠷᠣᠵᠤ ᠰᠠᠭᠤᠬᠤ ᠶᠣᠰᠣᠯᠠᠯ ᠤᠨ ᠳᠠᠷᠠᠭ᠎ᠠ᠂ ᠮᠠᠨ ᠤ ᠬᠤᠲᠠ ᠰᠢᠨᠬᠤᠸᠠ ᠭᠤᠷᠪᠠᠳᠤᠭᠠᠷ ᠪᠦᠯᠦᠭᠯᠡᠯ ᠲᠠᠢ ᠬᠡᠯᠡᠯᠴᠡᠭᠡ ᠬᠢᠪᠡ᠃ ᠬᠤᠶᠠᠷ ᠲᠠᠯ᠎ᠠ ᠪᠠᠷ ᠢᠶᠠᠨ ᠡᠭᠦᠯᠡᠨ ᠪᠤᠳᠤᠯᠲᠠ᠂ ᠲᠤᠮᠤ ᠳ᠋ᠠᠶᠢᠲ᠋ᠠ᠂ ︽ᠬᠢᠮᠡᠯ ᠤᠶᠤᠨ+︾᠂ ᠪᠣᠬᠢᠷᠲᠤᠯ ᠦᠭᠡᠢ ᠪᠤᠳᠤᠯᠭ᠎ᠠ ᠶᠢᠨ ᠬᠦᠴᠦᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠠᠨ ᠡᠰᠢᠲᠦ ᠬᠡᠷᠡᠭᠯᠡᠭᠡᠨ ᠤ ᠪᠠᠶᠢᠳᠠᠯ ᠢ ᠥᠷᠭᠡᠳᠬᠡᠵᠦ᠂ ᠬᠠᠮᠲᠤᠷᠠᠯᠴᠠᠭᠠᠨ ᠤ ᠵᠦᠢᠯᠡᠰ ᠢ ᠲᠦᠷᠭᠡᠨ ᠨᠠᠶᠢᠳᠠᠪᠤᠷᠢᠵᠢᠭᠤᠯᠬᠤ ᠶᠢ ᠭᠠᠷ ᠬᠤᠯᠪᠣᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠠᠷᠢᠯᠴᠠᠨ ᠬᠠᠮᠵᠢᠯᠴᠠᠵᠤ ᠠᠰᠢᠭᠲᠠᠢ ᠪᠠᠶᠢᠬᠤ᠂ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠰᠢᠨ᠎ᠡ  ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ