ᠾᠧ ᠬᠠᠢ ᠳ᠋ᠦᠩ ᠦᠴᠤᠸᠠᠨ ᠰᠢᠶᠠᠨ ᠳᠤ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/5
      ︵ᠰᠤᠷᠪᠤᠯᠵᠢᠯᠠᠭᠴᠢ ᠯᠢᠶᠠᠩ ᠵᠢᠩ ᠱᠥ︶ 7 ᠳ᠋ᠤᠭᠠᠷ ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠦᠴᠤᠸᠠᠨ ᠰᠢᠶᠠᠨ ᠳᠤ ᠬᠦᠷᠴᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠬᠤ ᠢᠨᠵᠧᠨᠧᠷᠢᠩ᠂       ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠾᠧ ᠬᠠᠢ ᠳ᠋ᠦᠩ ᠨᠠᠷ ᠤᠷᠢᠳ ᠬᠤᠵᠢᠳ ᠵᠦᠩ ᠬᠤᠸᠠᠨ ᠬᠤᠸᠠᠨ ᠵᠢᠤᠢ ᠰᠢᠨ᠎ᠡ ᠡᠨᠧᠷᠭᠢ ᠶᠢᠨ ᠭᠡᠷᠡᠯ ᠴᠠᠬᠢᠯᠭᠠᠨ ᠤ ᠲᠦᠷᠦᠯ ᠵᠦᠢᠯ᠂ ︽ᠤᠮᠠᠷᠠᠲᠤ ᠶᠢᠨ ᠭᠤᠷᠪᠠᠨ ᠣᠷᠣᠨ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠤᠷᠢᠳ ᠢᠶᠠᠷ ᠬᠡᠷᠡᠭᠵᠢᠭᠦᠯᠵᠦ ᠵᠢᠱᠢᠶ᠎ᠡ ᠦᠵᠡᠭᠦᠯᠬᠦ ᠰᠠᠯᠬᠢ ᠨᠥᠭᠡᠴᠡᠯᠡᠬᠦ ᠰᠠᠭᠤᠷᠢᠨ ᠤ ᠲᠦᠷᠦᠯ ᠵᠦᠢᠯ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠲᠦᠷᠦᠯ ᠵᠦᠢᠯ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ  ︵ᠰᠠᠨ ᠵᠤ᠋ ᠯᠢᠶᠠᠩ︶ ᠤᠨ ᠲᠦᠷᠦᠯ ᠵᠦᠢᠯ᠂ ᠱᠦ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ᠂ ᠥᠪᠥᠷ ᠮᠣᠩᠭᠤᠯ ᠤᠨ ᠨᠡᠶᠢᠳᠡᠮ ᠬᠡᠷᠡᠭᠯᠡᠬᠦ ᠬᠢᠲᠠᠳ ᠡᠮ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠭᠤᠯᠬᠤ ᠢᠨᠵᠧᠨᠧᠷᠢᠩ᠂        ︽ᠤᠮᠠᠷᠠᠲᠤ ᠶᠢᠨ ᠭᠤᠷᠪᠠᠨ ᠣᠷᠣᠨ︾  ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠷᠰᠢᠯᠲᠠ ᠶᠢᠨ ᠲᠠᠷᠢᠶᠠᠨ ᠤ ᠲᠠᠷᠢᠶᠠᠯᠠᠭ᠎ᠠ᠂ ᠬᠦᠷᠢᠶᠡᠯᠡᠩ ᠲᠣᠭᠤᠷᠢᠭ ᠤᠨ ᠬᠥᠭᠵᠢᠯᠲᠡ ᠪᠠ ᠺᠣᠮᠫᠠᠨᠢ ᠶᠢᠨ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠾᠧ ᠬᠠᠢ ᠳ᠋ᠦᠩ ᠬᠡᠯᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ︽ᠤᠮᠠᠷᠠᠲᠤ ᠶᠢᠨ ᠭᠤᠷᠪᠠᠨ ᠣᠷᠣᠨ︾  ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠨᠤᠭᠤᠭᠠᠨ ᠴᠠᠬᠢᠯᠭᠠᠨ ᠢ ᠤᠢᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠤᠨᠢ ᠰᠢᠩᠭᠡᠬᠡᠨ ᠠᠰᠢᠭᠯᠠᠬᠤ᠂ ᠠᠵᠤ ᠦᠢᠯᠡᠰ ᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠦᠭ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠨᠣᠶᠢᠯ ᠤᠨ ᠪᠤᠭᠤᠳᠠᠢ ᠶᠢᠨ ᠦᠷ᠎ᠡ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠢᠯᠡᠳᠪᠦᠷᠢᠯᠡᠯ ᠤᠨ ᠱᠤᠭᠤᠮ ᠲᠡᠶᠢᠰᠢ ᠬᠥᠭᠵᠢᠭᠦᠯᠵᠦ᠂  ᠪᠤᠲᠠᠲᠠᠶᠢᠵᠢᠭᠤᠯᠬᠤ ᠬᠡᠷᠡᠭᠲᠡᠢ᠃ ᠳᠠᠪᠠᠭᠤᠯᠢᠭ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠵᠦ᠂ ᠬᠤᠶᠠᠩ ᠬᠤᠨᠢ᠂ ᠨᠣᠬᠠᠶ ᠶᠢᠨ ᠬᠤᠰᠢᠭᠤ᠂ ᠲᠥᠮᠥᠰᠥ᠂ ᠬᠢᠲᠠᠳ ᠡᠮ ᠤᠨ ᠮᠠᠲ᠋ᠧᠷᠢᠶᠠᠯ ᠵᠡᠷᠭᠡ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ︽ᠵᠠᠬ᠎ᠠ ᠳᠡᠯᠭᠡᠭᠦᠷ ᠢᠶᠠᠷ ᠲᠣᠯᠣᠭᠠᠶᠢᠯᠠᠭᠤᠯᠬᠤ᠂ ᠲᠠᠭᠠᠭᠤᠯᠤᠭᠴᠢ ᠰᠠᠭᠤᠷᠢᠨ ᠭᠠᠵᠠᠷ ᠢ ᠳᠠᠶᠢᠴᠢᠯᠠᠬᠤ᠂ ᠰᠠᠭᠤᠷᠢᠨ ᠭᠠᠵᠠᠷ ᠢ ᠲᠠᠷᠢᠶᠠᠴᠢᠳ ᠲᠠᠢ ᠬᠤᠯᠪᠣᠬᠤ︾ ᠦᠢᠯᠡᠳᠪᠦᠷᠢᠯᠡᠯ ᠡᠵᠡᠩᠨᠡᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃      ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ