ᠬᠥᠬᠡᠬᠤᠲᠠ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ ᠢᠯᠴᠢ ᠬᠠᠩᠭᠠᠬᠤ ᠠᠽᠢᠶ᠎ᠠ ᠲᠢᠪ ᠤᠨ ᠪᠠᠩᠬᠢ ᠶᠢᠨ ᠵᠢᠭᠡᠯᠡᠯᠭᠡ ᠶᠢᠨ ᠲᠥᠷᠥᠯ ᠵᠦᠢᠯ ᠨᠢ ᠠᠽᠢᠶ᠎ᠠ ᠲᠢᠪ ᠤᠨ ᠨᠡᠭᠡᠭᠡᠨ ᠬᠥᠭᠵᠢᠭᠦᠯᠬᠦ ᠪᠠᠩᠬᠢ ᠶᠢᠨ 2023 ᠣᠨ ᠤ ᠬᠠᠮᠤᠭ ᠤᠨ ᠰᠠᠶᠢᠨ ᠢᠯᠡᠷᠡᠯ ᠲᠠᠢ ᠲᠥᠷᠥᠯ ᠵᠦᠢᠯ ᠤᠨ ᠱᠠᠩᠨᠠᠯ ᠢ ᠭᠥᠷᠳᠡᠪᠡ
ᠨᠡᠶᠢᠲᠡᠯᠡᠭᠰᠡᠨ ᠴᠠᠭ᠄
2024/7/8
      ︵ᠰᠤᠷᠪᠤᠯᠵᠢᠯᠠᠭᠴᠢ ᠯᠢᠦ ᠯᠢ ᠰᠢᠶᠠ︶ 7 ᠳ᠋ᠤᠭᠠᠷ ᠰᠠᠷ᠎ᠠ ᠶᠢᠨ 4 ᠤ ᠡᠳᠦᠷ᠂ ᠤᠯᠤᠰ ᠤᠨ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠠᠽᠢᠶ᠎ᠠ ᠲᠢᠪ ᠤᠨ ᠨᠡᠭᠡᠭᠡᠨ ᠬᠥᠭᠵᠢᠭᠦᠯᠬᠦ ᠪᠠᠩᠬᠢ ᠶᠢᠨ ᠬᠠᠮᠲᠤᠷᠠᠨ ᠡᠷᠭᠢᠯᠡᠭᠰᠡᠨ 2024 ᠣᠨ ᠤ ᠠᠽᠢᠶ᠎ᠠ ᠲᠢᠪ ᠤᠨ ᠪᠠᠩᠬᠢ—ᠳᠤᠮᠳᠠᠳᠤ ᠤᠯᠤᠰ ᠤᠨ ᠤᠯᠤᠰ ᠤᠨ ᠢᠯᠭᠠᠯ ᠤᠨ ᠲᠥᠷᠥᠯ ᠵᠦᠢᠯ ᠤᠨ ᠪᠠᠶᠢᠴᠠᠭᠠᠯᠲᠠ ᠶᠢᠨ ᠰᠤᠳᠤᠯᠤᠨ ᠶᠠᠷᠢᠯᠴᠠᠬᠤ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ 2023 ᠣᠨ ᠤ ᠬᠠᠮᠤᠭ ᠤᠨ ᠰᠠᠶᠢᠨ ᠢᠯᠡᠷᠡᠯ ᠲᠠᠢ ᠵᠢᠭᠡᠯᠡᠯᠭᠡ ᠶᠢᠨ ᠲᠥᠷᠥᠯ ᠵᠦᠢᠯ ᠤᠨ ᠱᠠᠩᠨᠠᠯ ᠣᠯᠭᠤᠬᠤ ᠶᠣᠰᠣᠯᠠᠯ ᠶᠠᠪᠤᠭᠤᠯᠵᠤ᠂ ᠬᠥᠬᠡᠬᠤᠲᠠ ᠶᠢᠨ ᠬᠤᠲᠠ ᠶᠢᠨ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠥᠪᠥᠷ ᠮᠣᠩᠭᠤᠯ ᠤᠨ ᠬᠥᠬᠡᠬᠤᠲᠠ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ ᠢᠯᠴᠢ ᠬᠠᠩᠭᠠᠬᠤ ᠠᠽᠢᠶ᠎ᠠ ᠲᠢᠪ ᠤᠨ ᠪᠠᠩᠬᠢ ᠶᠢᠨ ᠵᠢᠭᠡᠯᠡᠯᠭᠡ ᠶᠢᠨ ᠲᠥᠷᠥᠯ ᠵᠦᠢᠯ ᠨᠢ ᠪᠥᠬᠦ ᠤᠯᠤᠰ ᠤᠨ 90 ᠭᠠᠷᠤᠶ ᠲᠥᠷᠥᠯ ᠵᠦᠢᠯ ᠤᠨ ᠳᠤᠮᠳᠠ ᠠᠴᠠ ᠴᠣᠯᠭᠤᠷᠠᠨ ᠭᠠᠷᠴᠤ᠂ ᠠᠽᠢᠶ᠎ᠠ ᠲᠢᠪ ᠤᠨ ᠨᠡᠭᠡᠭᠡᠨ ᠬᠥᠭᠵᠢᠭᠦᠯᠬᠦ ᠪᠠᠩᠬᠢ ᠶᠢᠨ 2023 ᠣᠨ ᠤ ᠬᠠᠮᠤᠭ ᠤᠨ ᠰᠠᠶᠢᠨ ᠢᠯᠡᠷᠡᠯ ᠲᠠᠢ ᠲᠥᠷᠥᠯ ᠵᠦᠢᠯ ᠤᠨ ᠱᠠᠩᠨᠠᠯ ᠢ ᠭᠥᠷᠳᠡᠪᠡ᠃ ᠡᠨᠡ ᠪᠣᠯ ᠥᠪᠥᠷ ᠮᠣᠩᠭᠤᠯ ᠤᠨ ᠲᠥᠷᠥᠯ ᠵᠦᠢᠯ ᠠᠩᠬ᠎ᠠ ᠤᠳᠠᠭ᠎ᠠ ᠱᠠᠩᠨᠠᠯ ᠣᠯᠤᠭᠰᠠᠨ ᠪᠥᠭᠡᠳ ᠪᠥᠬᠦ ᠤᠯᠤᠰ ᠤᠨ ᠠᠩᠬᠠᠳᠠᠭᠴᠢ ᠢᠯᠴᠢ ᠬᠠᠩᠭᠠᠬᠤ ᠲᠥᠷᠥᠯ ᠵᠦᠢᠯ ᠱᠠᠩᠨᠠᠯ ᠣᠯᠤᠭᠰᠠᠨ ᠶᠠᠪᠤᠳᠠᠯ ᠪᠣᠯᠤᠨ᠎ᠠ᠂ ᠥᠪᠥᠷ ᠮᠣᠩᠭᠤᠯ ᠤᠨ ᠲᠥᠷᠥᠯ ᠵᠦᠢᠯ ᠤᠨ ᠠᠽᠢᠶ᠎ᠠ ᠲᠢᠪ ᠤᠨ ᠪᠠᠩᠬᠢ ᠪᠠ ᠪᠥᠬᠦ ᠤᠯᠤᠰ ᠤᠨ ᠬᠤᠶᠠᠷ ᠶᠡᠭᠡ ᠰᠢᠪᠲᠤᠯᠤᠯᠲᠠ ᠶᠢ ᠪᠡᠶᠡᠯᠡᠭᠦᠯᠪᠡ᠃      ᠬᠥᠬᠡᠬᠤᠲᠠ ᠶᠢᠨ ᠬᠤᠲᠠ ᠶᠢᠨ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠠᠽᠢᠶ᠎ᠠ ᠲᠢᠪ ᠤᠨ ᠪᠠᠩᠬᠢ ᠶᠢᠨ ᠵᠢᠭᠡᠯᠡᠯᠭᠡ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 24.29 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ ᠠᠽᠢᠶ᠎ᠠ ᠲᠢᠪ ᠤᠨ ᠪᠠᠩᠬᠢ ᠶᠢᠨ ᠵᠢᠭᠡᠯᠡᠯᠭᠡ 1.5 ᠳ᠋ᠦᠩᠰᠢᠭᠤᠷ ᠳ᠋ᠣᠯᠯᠠᠷ ᠢ ᠠᠰᠢᠭᠯᠠᠵᠤ᠂ 2016 ᠣᠨ ᠳᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠢᠭᠤᠯᠵᠤ᠂ ᠵᠢᠨᠴᠢᠶᠣᠣ ᠤᠷᠬᠢᠯ ᠢ ᠲᠤᠬᠢᠷᠠᠭᠤᠯᠬᠤ ᠢᠯᠴᠢ ᠶᠢᠨ ᠦᠢᠯᠡᠳᠪᠦᠷᠢ᠂ ᠬᠠᠭᠤᠴᠢᠨ ᠠᠶᠢᠯ ᠢᠯᠴᠢ ᠶᠢᠨ ᠦᠢᠯᠡᠳᠪᠦᠷᠢ ᠶᠢ ᠰᠢᠨ᠎ᠡ ᠪᠠᠷ ᠪᠠᠢᠭᠤᠯᠵᠤ᠂ ᠰᠢᠨ ᠵᠢᠶᠠ ᠶᠢᠩ ᠢᠯᠴᠢ ᠶᠢᠨ ᠦᠢᠯᠡᠳᠪᠦᠷᠢ ᠶᠢ ᠥᠷᠭᠡᠳᠭᠡᠨ ᠪᠠᠢᠭᠤᠯᠵᠤ᠂  ᠬᠤᠷᠢᠨᠬᠡᠷ ᠰᠢᠶᠠᠨ ᠤ ᠵᠢᠩ ᠨᠧᠩ ᠱᠸᠡᠩ ᠯᠧ ᠢᠯᠴᠢ ᠶᠢᠨ ᠴᠠᠬᠢᠯᠭᠠᠨ ᠤ ᠦᠢᠯᠡᠳᠪᠦᠷᠢ ᠠᠴᠠ ᠬᠥᠬᠡᠬᠤᠲᠠ ᠶᠢᠨ ᠲᠣᠭᠤᠷᠢᠭ ᠬᠦᠷᠬᠦ ᠴᠠᠬᠢᠯᠭᠠᠨ ᠳᠠᠮᠵᠢᠭᠤᠯᠬᠤ ᠬᠤᠭᠤᠯᠠᠢ ᠱᠤᠭᠤᠮ ᠢ  ᠰᠢᠨ᠎ᠡ ᠪᠠᠷ ᠪᠠᠢᠭᠤᠯᠵᠤ᠂ ᠢᠯᠴᠢ ᠬᠠᠩᠭᠠᠬᠤ ᠴᠢᠳᠠᠪᠤᠷᠢ ᠶᠢ 2971.13 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠲᠤᠰ ᠲᠥᠷᠥᠯ ᠵᠦᠢᠯ ᠨᠢ ᠬᠥᠬᠡᠬᠤᠲᠠ ᠶᠢᠨ ᠢᠯᠴᠢ ᠬᠠᠩᠭᠠᠬᠤ ᠬᠡᠷᠡᠭᠴᠡᠭᠡ ᠶᠢ ᠪᠦᠲᠦᠮᠵᠢᠲᠡᠢ ᠰᠢᠢᠳᠪᠦᠷᠢᠯᠡᠵᠦ᠂ ᠡᠭᠦᠨ ᠤ ᠬᠠᠮᠲᠤ ᠠᠭᠠᠷ ᠤᠨ ᠶᠠᠰᠤ ᠴᠢᠨᠠᠷ ᠢ ᠰᠠᠶᠢᠵᠢᠷᠠᠭᠤᠯᠵᠤ᠂ ᠠᠭᠠᠷ ᠮᠠᠨᠳᠠᠯ ᠤᠨ ᠪᠤᠬᠢᠷᠳᠠᠯ ᠢ ᠪᠠᠭᠠᠰᠬᠠᠵᠤ᠂ ᠨᠡᠶᠢᠭᠡᠮ ᠤᠨ ᠦᠷ᠎ᠡ ᠠᠰᠢᠭ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠮᠠᠰᠢ ᠢᠯᠡᠷᠬᠡᠶ ᠪᠠᠶᠢᠵᠤ᠂ ᠥᠪᠥᠷ ᠮᠣᠩᠭᠤᠯ ᠴᠢᠨᠠᠭᠰᠢᠯᠠᠪᠠᠯ ᠪᠦᠬᠦ ᠤᠯᠤᠰ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠪᠦᠲᠦᠮᠵᠢᠲᠡᠶ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠬᠠᠩᠭᠠᠬᠤ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ