ᠬᠥᠬᠡᠬᠤᠲᠠ 2023 ᠤᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠦᠬᠦᠴᠡᠯ ᠤᠨ ᠰᠢᠨ᠎ᠡ ᠶᠢ ᠡᠭᠦᠳᠬᠦ ᠬᠤᠲᠠ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/7/8
      ︵ᠰᠤᠷᠪᠤᠯᠵᠢᠯᠠᠭᠴᠢ ᠭᠤᠤ ᠼᠦᠢ ᠴᠢᠩ ᠯᠢ ᠬᠠᠢ ᠵᠧᠨ︶ ᠣᠶᠢᠷ᠎ᠠ ᠳᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ︽2023 ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠦᠭᠰᠡᠨ ᠮᠡᠳᠡᠭᠦᠯᠦᠯᠲᠡ︾ ᠶᠢ ᠪᠡᠭᠡᠵᠢᠩ ᠳᠤ ᠨᠡᠶᠢᠲᠡᠯᠡᠵᠦ᠂ ᠬᠥᠬᠡᠬᠤᠲᠠ 2023 ᠤᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠦᠭᠰᠡᠨ ᠬᠤᠲᠠ ᠪᠠᠷ ᠰᠣᠩᠭᠤᠭᠳᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠥᠭᠡᠷᠡᠴᠢᠯᠡᠯᠲᠡ ᠶᠢᠨ ᠬᠡᠮᠵᠢᠶ᠎ᠡ ᠶᠢᠨ ᠢᠯᠡᠷᠡᠯ ᠨᠢ ᠰᠢᠯᠢᠳᠡᠭ ᠰᠠᠶᠢᠨ ᠪᠠᠶᠢᠨ᠎ᠠ᠃ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠣᠩᠭᠤᠨ ᠮᠡᠳᠡᠭᠦᠯᠦᠭᠰᠡᠨ ︽ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠤᠨ ︿ᠮᠡᠳᠡᠭᠳᠡᠨ ᠠᠮᠠᠯᠳᠠᠬᠤ ᠳᠦᠷᠢᠮ﹀ ᠢ ᠪᠥᠬᠦ ᠣᠷᠣᠨ ᠳᠤ ᠠᠩᠬ᠎ᠠ  ᠬᠡᠷᠡᠭᠵᠢᠬᠦᠯᠬᠦ︾ ᠨᠢ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃      ᠣᠶᠢᠯᠠᠭᠠᠭᠰᠠᠨ ᠢᠶᠠᠷ᠂ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ ᠥᠷᠢᠰᠦᠯᠳᠦᠬᠦ ᠡᠮᠬᠢ ᠵᠢᠷᠤᠮ ᠲᠠᠢ ᠣᠷᠴᠢᠨ ᠲᠣᠭᠤᠷᠢᠨ ᠢ ᠤᠯᠠᠮ ᠨᠢᠭᠡ ᠠᠯᠬᠤᠮ ᠬᠠᠮᠠᠭᠠᠯᠠᠵᠤ᠂ ᠠᠮᠠᠯᠠᠯᠲᠠ ᠶᠢᠨ ᠲᠦᠷᠢᠮ ᠤᠨ ᠬᠢᠨᠠᠨ ᠵᠥᠪᠰᠢᠶᠡᠷᠡᠬᠦ ᠰᠢᠰᠲ᠋ᠧᠮ ᠢ ᠲᠡᠭᠦᠯᠳᠡᠷᠵᠢᠭᠦᠯᠦᠨ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠬᠥᠬᠡᠬᠤᠲᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠪᠥᠬᠦ ᠬᠤᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠲᠦᠷᠢᠮ ᠤᠨ ᠬᠢᠨᠠᠨ ᠵᠥᠪᠰᠢᠶᠡᠷᠡᠬᠦ ᠵᠦᠢᠯᠡᠰ ᠤᠨ ᠠᠵᠢᠯ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠬᠢᠭᠡᠳ ᠢᠲᠡᠭᠡᠮᠵᠢ ᠶᠢᠨ ᠢᠯᠡ ᠨᠡᠶᠢᠲᠡᠯᠡᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ ᠰᠦᠪᠡᠭᠴᠢᠯᠡᠵᠦ᠂ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠮᠡᠳᠡᠭᠳᠡᠵᠦ ᠠᠮᠠᠯᠠᠯᠳᠠ ᠶᠢᠨ ᠲᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠦᠨ᠂ ᠦᠨᠡᠨᠴᠢ ᠢᠲᠡᠭᠡᠮᠵᠢ ᠪᠠᠷ ᠰᠠᠭᠤᠷᠢ ᠪᠣᠯᠭᠠᠭᠰᠠᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠪᠠᠷᠢᠯᠭ᠎ᠠ ᠶᠢᠨ ᠵᠥᠪᠰᠢᠶᠡᠷᠡᠯ ᠢ ᠭᠦᠢᠴᠡᠳᠭᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃      ᠪᠠᠷᠢᠯᠭ᠎ᠠ ᠶᠢᠨ ᠠᠵᠢᠯ ᠤᠨ ᠵᠢᠷᠤᠭ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠢᠴᠢᠭ ᠪᠣᠯ ᠪᠠᠷᠢᠯᠭ᠎ᠠ ᠶᠢᠨ ᠠᠵᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠶᠢᠨ ᠴᠢᠬᠤᠯᠠ ᠮᠠᠲ᠋ᠧᠷᠢᠶᠠᠯ ᠮᠥᠨ᠂ ᠬᠥᠬᠡᠬᠤᠲᠠ ᠤᠯᠤᠰ ᠤᠨ ᠳᠣᠲᠣᠭᠠᠳᠤ ᠶᠢᠨ ᠲᠡᠷᠢᠭᠦᠨ ᠤ ᠬᠤᠲᠠ ᠶᠢᠨ ᠲᠤᠷᠰᠢᠯᠭ᠎ᠠ ᠶᠢ ᠰᠢᠩᠭᠡᠭᠡᠨ ᠠᠪᠴᠤ ᠯᠠᠪᠯᠠᠯᠲᠠ ᠪᠣᠯᠭᠠᠵᠤ᠂ ᠡᠯ᠎ᠡ ᠰᠠᠯᠠᠭ᠎ᠠ ᠮᠥᠴᠢᠷ ᠤᠨ ᠰᠠᠨᠠᠯ ᠢ ᠨᠢᠭᠡᠳᠦᠯᠲᠡᠶ ᠲᠥᠯᠥᠪᠯᠡᠭᠰᠡᠨ ᠤ ᠳᠠᠷᠠᠭ᠎ᠠ᠂ ᠪᠠᠷᠢᠯᠭ᠎ᠠ ᠶᠢᠨ ᠠᠵᠢᠯ ᠤᠨ ᠵᠢᠷᠤᠭ ᠢ ᠬᠢᠨᠠᠨ ᠪᠠᠶᠢᠴᠠᠭᠠᠵᠤ ᠬᠢᠷᠢ ᠲᠡᠩᠴᠡᠭᠰᠡᠨ ᠪᠢᠴᠢᠭ ᠢ ᠠᠮᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠵᠦᠢᠯᠡᠰ ᠢ ᠰᠣᠩᠭᠤᠨ ᠠᠪᠴᠤ᠂ ᠪᠠᠷᠢᠯᠭ᠎ᠠ ᠶᠢᠨ ᠠᠵᠢᠯ ᠤᠨ ᠥᠭᠡᠷᠡᠴᠢᠯᠡᠯᠲᠡ ᠶᠢᠨ ᠰᠢᠰᠲ᠋ᠧᠮ ᠢ ᠲᠠᠰ ᠳᠡᠪᠰᠢᠭᠦᠯᠦᠨ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠰᠢᠰᠲ᠋ᠧᠮ ᠢ ᠢᠲᠡᠭᠡᠮᠵᠢᠲᠦ ᠬᠥᠬᠡᠬᠤᠲᠠ ᠶᠢᠨ ᠰᠢᠰᠲ᠋ᠧᠮ ᠲᠠᠢ ᠵᠣᠯᠭᠠᠭᠤᠯᠬᠤ ᠶᠢ ᠰᠦᠪᠡᠭᠴᠢᠯᠡᠵᠦ᠂ ᠬᠢᠨᠠᠨ ᠵᠥᠪᠰᠢᠶᠡᠷᠡᠬᠦ ᠵᠦᠢᠯᠡᠰ ᠤᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠬᠢᠭᠡᠳ ᠢᠲᠡᠭᠡᠮᠵᠢ ᠶᠢ ᠢᠯᠡ ᠨᠡᠶᠢᠲᠡᠯᠡᠬᠦ ᠠᠵᠢᠯ ᠢ ᠲᠤᠷᠰᠢᠨ ᠬᠡᠷᠡᠭᠵᠢᠭᠦᠯᠪᠡ᠃      ᠪᠠᠷᠢᠯᠭ᠎ᠠ ᠪᠠᠷᠢᠭᠤᠯᠬᠤ ᠨᠢᠭᠡᠴᠢ ᠬᠡᠷᠪᠡ ᠠᠮᠠᠯᠠᠯᠲᠠ ᠶᠢᠨ ᠲᠦᠷᠢᠮ ᠢ ᠬᠡᠷᠡᠭᠯᠡᠨ ᠭᠡᠷ ᠪᠠᠶᠢᠰᠢᠩ ᠤᠨ ᠪᠠᠷᠢᠯᠭ᠎ᠠ ᠶᠢᠨ ᠡᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠨ ᠭᠦᠢᠴᠡᠳᠬᠡᠬᠦ ᠳᠤ ᠬᠦᠷᠪᠡᠯ᠂ ᠠᠮᠠᠯᠠᠯᠲᠠ ᠶᠢᠨ ᠬᠤᠭᠤᠴᠠᠭᠠᠨ ᠤ ᠳᠣᠲᠣᠷ᠎ᠠ ᠪᠠᠷᠢᠯᠭ᠎ᠠ ᠶᠢᠨ ᠠᠵᠢᠯ ᠤᠨ ᠥᠭᠡᠷᠡᠴᠢᠯᠡᠯᠲᠡ ᠶᠢᠨ ᠰᠢᠰᠲ᠋ᠧᠮ ᠤᠨ ᠪᠠᠷᠢᠯᠭ᠎ᠠ ᠪᠠᠷᠢᠬᠤ ᠵᠢᠷᠤᠭ ᠤᠨ ᠬᠢᠨᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠪᠢᠴᠢᠭ ᠢ ᠨᠥᠬᠦᠪᠥᠷᠢᠯᠡᠨ ᠳᠡᠭᠡᠭᠰᠢ ᠳᠠᠮᠵᠢᠭᠤᠯᠬᠤ ᠶᠢᠨ ᠬᠠᠮᠲᠤ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢᠶᠠᠷ ᠨᠤᠲᠠᠯᠠᠭᠤᠯᠤᠭᠰᠠᠨ ᠤ ᠳᠠᠷᠠᠭ᠎ᠠ᠂ ᠠᠮᠠᠯᠠᠯᠲᠠ ᠶᠢᠨ ᠵᠦᠢᠯᠡᠰ ᠤᠨ ᠪᠢᠲᠡᠭᠦᠦ ᠴᠠᠭᠠᠷᠢᠭ ᠢ ᠪᠡᠶᠡᠯᠡᠭᠦᠯᠦᠨ᠎ᠡ᠃ ᠬᠡᠷᠪᠡ ᠬᠤᠭᠤᠴᠠᠭ᠎ᠠ ᠠᠴᠠ ᠬᠡᠲᠦᠷᠡᠲᠡᠯ᠎ᠡ ᠠᠮᠠᠯᠠᠭᠰᠠᠨ ᠵᠦᠢᠯᠡᠰ ᠢᠶᠠᠨ ᠪᠡᠶᠡᠯᠡᠭᠦᠯᠦᠭᠰᠡᠨ ᠥᠬᠡᠶ ᠪᠠᠶᠢᠪᠠᠯ᠂ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠰᠢᠰᠲ᠋ᠧᠮ ᠨᠢ ᠬᠤᠭᠤᠴᠠᠭ᠎ᠠ ᠠᠴᠠ ᠬᠡᠲᠦᠷᠡᠭᠰᠡᠨ ᠤ ᠳᠠᠷᠠᠭᠠᠬᠢ 7 ᠳ᠋ᠤᠭᠠᠷ ᠠᠵᠢᠯ ᠤᠨ ᠡᠳᠦᠷ ᠲᠤ ᠪᠥᠲᠥᠭᠡᠨ ᠪᠠᠶᠢᠭᠤᠯᠬᠤ ᠨᠢᠭᠡᠴᠢ ᠶᠢᠨ ᠠᠮᠠᠯᠠᠯᠲᠠ ᠪᠠᠨ ᠥᠯᠥ ᠭᠦᠢᠴᠡᠳᠬᠡᠭᠰᠡᠨ ᠮᠡᠳᠡᠭᠡ ᠵᠠᠩᠭᠢ ᠶᠢ ᠢᠲᠡᠭᠡᠮᠵᠢ ᠶᠢᠨ ᠬᠥᠬᠡᠬᠤᠲᠠ ᠳᠤ ᠠᠶᠠᠨᠳᠠᠭᠠᠨ ᠬᠦᠷᠭᠡᠵᠦ ᠨᠡᠶᠢᠲᠡ ᠳᠤ ᠵᠠᠷᠯᠠᠨ᠎ᠠ᠂ ᠠᠮᠠᠯᠠᠯᠲᠠ ᠪᠠᠨ ᠥᠯᠥ ᠭᠦᠢᠴᠡᠳᠬᠡᠭᠰᠡᠨ ᠮᠡᠳᠡᠭᠡ ᠵᠠᠩᠭᠢ ᠶᠢ ᠢᠲᠡᠭᠡᠮᠵᠢ ᠶᠢᠨ ᠬᠥᠬᠡᠬᠤᠲᠠ ᠳᠤ ᠵᠠᠷᠯᠠᠨ ᠨᠡᠶᠢᠲᠡᠯᠡᠬᠦ ᠬᠤᠭᠤᠴᠠᠭ᠎ᠠ ᠨᠢ 3 ᠰᠠᠷ᠎ᠠ ᠪᠣᠯᠤᠨ᠎ᠠ᠃ ᠪᠦᠲᠦᠭᠡᠨ ᠪᠠᠶᠢᠭᠤᠯᠬᠤ ᠨᠢᠭᠡᠴᠢ ᠶᠢᠨ ᠭᠡᠷ᠎ᠡ ᠪᠠᠨ ᠰᠠᠬᠢᠵᠤ ᠠᠮᠠᠯᠠᠯᠲᠠ ᠪᠠᠨ ᠪᠡᠶᠡᠯᠡᠭᠦᠯᠬᠦ ᠶᠢ ᠵᠣᠷᠢᠭᠵᠢᠭᠤᠯᠬᠤ ᠶᠢᠨ ᠲᠥᠯᠥᠭᠡ᠂ ᠬᠢᠨᠠᠨ ᠵᠥᠪᠰᠢᠶᠡᠷᠡᠬᠦ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ ᠨᠤᠲᠠᠯᠠᠭᠤᠯᠬᠤ ᠠᠮᠠᠯᠠᠯᠲᠠ ᠶᠢᠨ ᠵᠦᠢᠯᠡᠰ ᠢ ᠭᠦᠢᠴᠡᠳᠭᠡᠭᠦᠯᠵᠦ ᠳᠠᠭᠤᠰᠤᠭᠰᠠᠨ ᠤ ᠳᠠᠷᠠᠭ᠎ᠠ᠂ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠶᠢ ᠤᠷᠢᠳᠴᠢᠯᠠᠨ ᠵᠠᠰᠠᠵᠤ ᠬᠦᠴᠦᠨ ᠦᠭᠡᠢ ᠪᠣᠯᠭᠠᠵᠤ ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠥᠩᠭᠡᠷᠡᠭᠡᠭᠰᠡᠨ ᠤ ᠳᠠᠷᠠᠭ᠎ᠠ᠂ ᠮᠥᠨ ᠯᠡ ᠭᠡᠷ᠎ᠡ ᠪᠠᠨ ᠭᠦᠢᠴᠡᠳᠬᠡᠭᠰᠡᠨ ᠥᠬᠡᠶ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢ ᠠᠵᠤ ᠦᠢᠯᠡᠳᠪᠦᠷᠢ ᠶᠢᠨ ᠥᠭᠡᠷᠡᠴᠢᠯᠡᠯᠲᠡ ᠶᠢᠨ ᠰᠢᠰᠲ᠋ᠧᠮ ᠨᠢ ᠰᠢᠭᠤᠳ ᠲᠣᠭᠲᠠᠭᠠᠬᠤ ᠶᠢᠨ ᠬᠠᠮᠲᠤ ᠲᠣᠰ ᠲᠥᠷᠥᠯ ᠵᠦᠢᠯ ᠤᠨ ᠪᠣᠶ ᠪᠥᠬᠦᠶ ᠵᠠᠯᠭᠠᠮᠵᠢ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠭᠡᠬᠦ ᠶᠢ ᠲᠦᠷ ᠵᠣᠭᠰᠣᠭᠠᠵᠤ᠂ ᠪᠥᠬᠦ ᠬᠤᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠨᠢᠭᠡ ᠭᠠᠵᠠᠷ ᠲᠤ ᠢᠲᠡᠭᠡᠯ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ ᠶᠢ ᠠᠬᠢᠭᠤᠯᠤᠨ᠎ᠠ᠃      ᠬᠥᠬᠡᠬᠤᠲᠠ ᠶᠢᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠠᠮᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠨᠢ᠂ ᠪᠥᠲᠥᠭᠡᠨ ᠪᠠᠶᠢᠭᠤᠯᠬᠤ ᠨᠢᠭᠡᠴᠢ ᠳᠤ ᠪᠠᠷᠢᠯᠭ᠎ᠠ ᠶᠢᠨ ᠠᠵᠢᠯ ᠤᠨ ᠵᠢᠷᠤᠭ ᠤᠨ ᠬᠢᠨᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠪᠢᠴᠢᠭ ᠢ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠪᠣᠯᠭᠠᠨ ᠬᠢᠨᠠᠨ ᠣᠯᠭᠤᠭᠰᠠᠨ ᠳᠤᠲᠠᠭᠤᠳᠠᠯ ᠢ ᠨᠥᠬᠦᠪᠥᠷᠢᠯᠡᠬᠦ ᠶᠢᠨ ᠰᠣᠩᠭᠤᠯᠲᠠ ᠪᠣᠯᠭᠠᠵᠤ᠂ ᠠᠵᠤ ᠠᠬᠤᠶᠢᠯᠠᠯ ᠳᠤᠮᠳᠠᠴᠢ ᠪᠠᠷ ᠨᠢᠭᠡ ᠰᠠᠷ᠎ᠠ ᠰᠢᠬᠠᠮ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠠᠵᠤ ᠠᠬᠤᠶᠢᠯᠠᠯ ᠳᠤ ᠦᠨᠡᠮᠯᠡᠯ ᠢ ᠬᠠᠰᠤᠵᠤ ᠠᠷᠠᠳ ᠲᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠬᠦᠷᠲᠡᠭᠡᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ