ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/7/9
ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠡᠩᠬᠡ ᠲᠠᠶᠢᠪᠤᠩ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠣᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ ᠰᠡᠲᠡᠷᠡᠭᠰᠡᠨ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠡᠷᠦᠩᠬᠡᠢ ᠭᠠᠳᠠᠭᠠᠳᠤ ᠬᠠᠷᠢᠯᠴᠠᠭ᠎ᠠ ᠪᠣᠯᠤᠨ ᠭᠠᠳᠠᠭᠠᠳᠤ ᠨᠡᠭᠡᠭᠡᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠠᠷ ᠭᠤᠣᠯᠳᠠᠭᠤᠯᠵᠤ᠂ ᠤᠬᠠᠮᠰᠠᠷ ᠠᠴᠠ ᠪᠠᠨ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠵᠣᠭᠰᠣᠵᠤ᠂ ᠭᠠᠳᠠᠭᠠᠳᠤ ᠨᠡᠬᠡᠬᠡᠯᠳᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠲᠠᠢ ᠢᠳᠡᠪᠬᠢᠲᠡᠶ ᠬᠠᠮᠵᠢᠯᠴᠠᠨ ᠴᠢᠯᠥᠭᠡᠲᠦ ᠠᠷᠠᠯᠵᠢᠶᠠᠨ ᠤ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠪᠠ ᠠᠭᠠᠷ ᠤᠨ ᠭᠠᠷᠠᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠨᠥᠯᠥᠭᠡᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠮᠠᠨ ᠤ ᠬᠤᠲᠠ ᠶᠢᠨ ᠰᠦ ᠶᠢᠨ ᠦᠢᠯᠡᠰ᠂ ᠴᠠᠬᠢᠭᠤᠷ ᠤᠨ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠤ ᠦᠢᠯᠡᠰ ᠵᠢᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠵᠡᠷᠭᠡ ᠬᠦᠷᠢᠶᠡᠨ ᠳᠠᠬᠢ ᠭᠠᠳᠠᠭᠠᠳᠤ ᠠᠷᠠᠯᠵᠢᠶᠠᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶ ᠬᠡᠮᠵᠢᠶ᠎ᠡ ᠶᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠬᠡᠷᠡᠭᠲᠡᠢ᠃ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠦᠶᠡᠷ ᠢ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠠᠭᠤᠯᠠ ᠶᠢᠨ ᠦᠶᠡᠷ ᠤᠨ ᠭᠤᠤ᠂ ᠤᠰᠤᠨ ᠴᠥᠭᠦᠷᠥᠮ᠂  ᠭᠸᠥᠯᠥᠭᠢ ᠶᠢᠨ ᠭᠠᠮᠰᠢᠭ ᠤᠨ ᠭᠡᠮ ᠰᠣᠭᠤᠭ ᠤᠨ ᠴᠡᠭ᠂ ᠬᠤᠳᠠ ᠪᠠᠯᠭᠠᠰᠤᠨ ᠤ ᠠᠮᠠᠷᠬᠠᠨ ᠤᠰᠤᠲᠤᠬᠤ ᠭᠠᠵᠠᠷ᠂ ᠭᠠᠵᠠᠷ ᠳᠣᠣᠷᠠᠬᠢ ᠬᠤᠳᠠᠯᠳᠤᠭᠠᠨ ᠤ ᠲᠠᠯᠠᠪᠠᠢ ᠵᠡᠷᠭᠡ ᠭᠤᠣᠯᠳᠠᠯᠭ᠎ᠠ ᠲᠠᠢ ᠭᠠᠵᠠᠷ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠣᠳᠠᠲᠠᠢ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠨᠳᠦᠰᠦᠨ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠭᠤᠣᠯ ᠰᠢᠵᠢᠮ ᠢ ᠲᠤᠭᠤᠰᠢᠯᠠᠭᠤᠯᠬᠤ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠣᠷᠭᠠᠨᠢᠭ ᠢᠶᠠᠷ ᠨᠢᠭᠡᠳᠬᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠢ ᠶᠡᠬᠡᠪᠡᠷ ᠠᠳᠬᠤᠬᠤ ᠲᠣᠭᠲᠠᠯ ᠬᠦᠴᠦᠨ ᠢᠶᠠᠨ ᠦᠷᠭᠦᠯᠵᠢᠯᠡᠨ ᠪᠠᠲᠤᠯᠠᠵᠤ᠂ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠤᠳᠠᠭᠠᠨ ᠳᠠᠭᠠᠭᠠᠮᠠᠭᠠᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠨᠢᠨ ᠳᠡᠭᠡᠷ᠎ᠡ ᠨᠢ ᠪᠠᠶᠢᠷᠢᠰᠢᠭᠤᠯᠵᠤ᠂ ᠴᠢᠨᠠᠷ ᠰᠠᠶᠢᠲᠠᠢ ᠲᠡᠩᠴᠡᠭᠦᠷᠢᠲᠡᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠪᠠᠭᠰᠢ ᠡᠯᠰᠡᠬᠦ ᠪᠣᠭᠤᠮᠲᠠ ᠶᠢ ᠣᠨᠣᠪᠴᠢᠲᠠᠢ ᠡᠵᠡᠮᠳᠡᠵᠦ᠂ ᠰᠢᠯᠢᠳᠡᠭ ᠪᠠᠭᠰᠢ ᠶᠢ ᠲᠠᠲᠠᠨ ᠠᠪᠴᠢᠷᠠᠵᠤ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠵᠠᠬᠢᠷᠤᠯ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠪᠣᠯᠤᠨ ᠵᠢᠭᠠᠨ ᠰᠤᠷᠭᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠥᠷᠭᠡᠨ ᠤᠯᠠᠨ ᠪᠠᠭᠰᠢ ᠰᠤᠷᠤᠭᠴᠢᠳ ᠲᠤ ᠠᠮᠤᠷ ᠲᠦᠪᠰᠢᠨ ᠰᠠᠶᠢᠨ ᠰᠠᠶᠢᠬᠠᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠦᠨᠡᠨᠬᠦ ᠬᠠᠩᠭᠠᠬᠤ ᠬᠡᠷᠡᠭᠲᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ