ᠪᠣᠣ ᠭᠠᠩ ᠾᠧ ᠬᠠᠢ ᠳ᠋ᠦᠩ ᠵᠢᠩ ᠨᠧᠩ᠂ ᠬᠤᠸᠠ ᠸᠧᠢ᠂ ᠸᠠᠨ ᠪᠠᠩ ᠲᠣᠭᠠᠴᠢᠯᠠᠭᠰᠠᠨ ᠡᠨᠧᠷᠭᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/9
       ︵ᠰᠤᠷᠪᠤᠯᠵᠢᠯᠠᠭᠴᠢ ᠭᠧᠩ ᠰᠢᠨ︶ 7 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ  ᠵᠢᠩ ᠨᠧᠩ ᠣᠯᠠᠨ ᠤᠯᠤᠰ ᠤᠨ ᠬᠤᠪᠢ ᠡᠵᠡᠮᠳᠡᠭᠰᠡᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠵᠥᠪᠯᠡᠯ ᠤᠨ ᠲᠡᠷᠢᠭᠦᠯᠡᠭᠴᠢ ᠵᠠᠩ ᠫᠢᠩ᠂ ᠬᠤᠸᠠ ᠸᠧᠢ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠶᠠᠩ ᠶᠢᠦ ᠬᠦᠢ᠂ ᠸᠠᠨ ᠪᠠᠩ ᠲᠣᠭᠠᠴᠢᠯᠠᠭᠰᠠᠨ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠱᠤᠤ ᠳ᠋ᠠᠨ ᠸᠧᠢ ᠨᠡᠷ ᠲᠠᠢ ᠠᠭᠤᠯᠵᠠᠪᠠ᠃ ᠡᠯ᠎ᠡ ᠲᠠᠯ᠎ᠠ ᠶᠢᠨ ᠬᠢᠨ ᠤᠳᠤ ᠶᠢᠨ ᠬᠠᠮᠲᠤᠷᠠᠯᠴᠠᠭ᠎ᠠ ᠪᠠᠨ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠲᠤᠯ ᠦᠭᠡᠢ ᠪᠤᠳᠤᠯᠭ᠎ᠠ ᠶᠢᠨ ᠬᠦᠴᠦᠨ᠂ ᠴᠡᠪᠡᠷ ᠡᠨᠧᠷᠭᠢ ᠵᠡᠷᠭᠡ ᠠᠵᠤ ᠦᠢᠯᠡᠰ ᠤᠨ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠡᠷᠡᠭᠯᠡᠭᠡᠨ ᠤ ᠠᠬᠤᠢ ᠶᠢ ᠥᠷᠭᠡᠳᠬᠡᠵᠦ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠢᠯᠡᠳᠬᠡᠪᠡ᠃      ᠬᠤᠳᠠ ᠶᠢᠨ ᠤᠳᠤᠷᠢᠳᠤᠯᠭ᠎ᠠ ᠵᠦ ᠵᠢᠶᠠᠨ ᠭᠦᠸᠧ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ