ᠣᠳᠣ ᠦᠶ᠎ᠡ ᠶᠢᠨ ᠵᠦᠴᠦᠭᠡ ︽ᠠᠯᠲᠠ ᠠᠴᠠ ᠦᠨᠡᠲᠡᠢ ᠠᠮᠠᠯᠠᠯᠲᠠ︾ ᠶᠢ ᠠᠩᠬ᠎ᠠ ᠲᠤᠭᠯᠠᠪᠠ
ᠨᠡᠶᠢᠲᠡᠯᠡᠭᠰᠡᠨ ᠴᠠᠭ᠄
2024/7/9
070901.jpg
     7 ᠳ᠋ᠤᠭᠠᠷ ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠦᠲᠦᠭᠡᠭᠰᠡᠨ ᠣᠳᠣ ᠦᠶ᠎ᠡ ᠶᠢᠨ ᠵᠦᠴᠦᠭᠡ ︽ᠠᠯᠲᠠ ᠠᠴᠠ ᠦᠨᠡᠲᠡᠢ ᠠᠮᠠᠯᠠᠯᠲᠠ︾ ᠶᠢ ᠬᠥᠬᠡᠬᠤᠲᠠ ᠶᠢᠨ ᠦᠨᠳᠦᠰᠦᠲᠡᠨ ᠤ ᠵᠦᠴᠦᠭᠡ ᠶᠢᠨ ᠲᠠᠯᠠᠪᠠᠢ ᠳᠤ ᠠᠩᠬ᠎ᠠ ᠲᠤᠭᠯᠠᠪᠠ᠃      ᠲᠤᠰ ᠵᠦᠴᠦᠭᠡ ᠨᠢ ︽ᠥᠪᠥᠷ ᠮᠣᠩᠭᠤᠯ ᠤᠨ ᠰᠠᠶᠢᠨ ᠬᠥᠮᠦᠨ︾ ᠾᠥᠸᠧ ᠱᠢ ᠵᠤ᠋ ᠶᠢᠨ ᠶᠠᠳᠠᠭᠤ ᠠᠴᠠ ᠠᠩᠭᠢᠵᠢᠷᠠᠨ ᠪᠠᠶᠠᠵᠢᠵᠤ᠂  ᠦᠷᠡᠭᠳᠡᠭᠰᠡᠨ ᠦᠷ᠎ᠡ ᠪᠠᠨ ᠣᠷᠣᠯᠠᠵᠤ ᠦᠷᠢ ᠲᠦᠯᠦᠭᠰᠡᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠᠷ ᠤᠤᠯ ᠳᠦᠷᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷᠡᠬᠢ ᠡᠩ ᠤᠨ ᠲᠠᠷᠢᠶᠠᠴᠢᠳ ᠤᠨ ᠨᠠᠮ ᠤᠨ ᠳᠠᠭᠠᠭᠤᠯᠭ᠎ᠠ ᠳᠣᠤᠷ᠎ᠠ ᠶᠠᠳᠠᠭᠤ ᠠᠴᠠ ᠠᠩᠭᠢᠵᠢᠷᠠᠨ ᠪᠠᠶᠠᠵᠢᠭᠰᠠᠨ ᠥᠯᠢᠭᠡᠷ ᠢ ᠶᠠᠷᠢᠵᠤ᠂ ᠰᠢᠨ᠎ᠡ ᠴᠠᠭ ᠦᠶ᠎ᠡ ᠶᠢᠨ ᠲᠠᠷᠢᠶᠠᠴᠢᠨ ᠤ ᠠᠵᠢᠯᠴᠢ ᠪᠣᠷᠣᠭᠵᠢᠭᠤᠨ᠂ ᠦᠨᠡᠨᠴᠢ ᠢᠲᠡᠭᠡᠮᠵᠢᠲᠡᠶ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠡᠷᠬᠢᠮ ᠨᠠᠨᠳᠢᠨ ᠵᠠᠩ ᠴᠢᠨᠠᠷ ᠢ ᠮᠠᠭᠲᠠᠨ ᠳᠠᠭᠤᠯᠠᠪᠠ᠃      ᠵᠦᠴᠦᠭᠡ ᠶᠢᠨ ᠳᠣᠲᠣᠷᠠᠬᠢ ᠬᠥᠮᠦᠰ ᠤᠨ ᠨᠤᠲᠤᠭ ᠤᠨ ᠬᠡᠯᠡᠨ ᠤ ᠳᠠᠭᠤᠯᠠᠬᠤ ᠠᠶ᠎ᠠ ᠪᠠ ᠬᠤᠪᠴᠠᠰᠤ ᠵᠠᠰᠠᠯ ᠨᠢ ᠬᠤᠶᠠᠷ ᠬᠥᠮᠥᠨ ᠤ ᠡᠯᠭᠦᠭᠡ ᠤᠷᠠᠯᠢᠭ ᠤᠨ ᠥᠪᠡᠷᠮᠢᠴᠡ ᠲᠠᠲᠠᠬᠤ ᠬᠦᠴᠦᠨ ᠢ ᠢᠯᠡᠷᠡᠭᠦᠯᠵᠦ᠂ ᠦᠴᠤᠸᠠᠨ ᠰᠢᠶᠠᠨ ᠤ ᠣᠷᠣᠨ ᠨᠤᠲᠤᠭ ᠤᠨ ᠣᠨᠴᠠᠯᠢᠭ ᠢ ᠬᠠᠳᠠᠭᠠᠯᠠᠬᠤ ᠶᠢᠨ ᠬᠠᠮᠲᠤ᠂ ᠣᠳᠣ ᠦᠶ᠎ᠡ ᠶᠢᠨ ᠡᠯᠧᠮᠧᠨ᠋ᠲ ᠢ ᠠᠭᠤᠰᠤᠭᠤᠯᠵᠤ᠂ ᠪᠦᠬᠦ ᠵᠦᠴᠦᠭᠡ ᠶᠢ ᠬᠥᠳᠡᠭᠡ ᠲᠤᠰᠬᠤᠨ ᠤ ᠬᠡᠪ ᠨᠠᠮᠪᠠ ᠶᠢ ᠬᠠᠳᠠᠭᠠᠯᠠᠭᠰᠠᠨ ᠪᠥᠭᠡᠳ ᠪᠠᠰᠠ ᠣᠳᠣ ᠦᠶ᠎ᠡ ᠶᠢᠨ ᠲᠥᠷᠥᠭᠳᠡᠯ ᠢ ᠠᠯᠳᠠᠬᠤ ᠦᠭᠡᠢ ᠪᠣᠯᠭᠠᠵᠠᠢ᠃ ᠦᠵᠡᠭᠴᠢᠳ ᠲᠣᠭᠯᠠᠭᠴᠢᠳ ᠤᠨ ᠨᠠᠷᠢᠯᠢᠭ ᠲᠣᠭᠯᠠᠯᠲᠠ ᠳᠤ ᠭᠦᠨ ᠲᠠᠲᠠᠭᠳᠠᠵᠤ᠂ ᠪᠠᠶᠢᠨ ᠳᠠᠬᠢᠨ ᠬᠠᠯᠠᠭᠤᠨ ᠠᠯᠠᠭ᠎ᠠ ᠲᠠᠰᠢᠵᠠᠭᠠᠪᠠ᠃      ᠳᠠᠳᠤᠯᠭ᠎ᠠ ᠶᠢᠨ ᠰᠤᠷᠪᠤᠯᠵᠢᠯᠠᠭᠴᠢ ᠬᠤᠤ ᠰᠢᠤᠢ ᠵᠢᠶᠧ  ᠳᠠᠳᠤᠯᠭ᠎ᠠ ᠶᠢᠨ ᠰᠤᠷᠤᠭᠴᠢ ᠯᠢᠦ ᠢ ᠬᠠᠨ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ