ᠵᠢᠭᠠᠰᠤ ᠤᠰᠤᠨ ᠤ ᠬᠠᠶᠢᠷ᠎ᠠ ᠰᠡᠳᠬᠢᠯᠭᠡ
ᠨᠡᠶᠢᠲᠡᠯᠡᠭᠰᠡᠨ ᠴᠠᠭ᠄
2024/8/1
     
 0801.jpg
      7 ᠳ᠋ᠤᠭᠠᠷ ᠰᠠᠷ᠎ᠠ ᠶᠢᠨ 30 ᠤ ᠡᠳᠦᠷ᠂ ᠢᠦᠶ ᠴᠢᠤᠸᠠᠨ ᠲᠣᠭᠤᠷᠢᠭ ᠤᠨ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ ᠪᠠ ᠬᠡᠷ ᠪᠦᠯᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ 50 ᠭᠠᠷᠤᠶ ᠬᠥᠮᠦᠨ ᠨᠢᠭᠡ ᠲᠠᠩᠬᠢᠮ ᠳᠤ ᠴᠤᠭᠯᠠᠷᠠᠵᠤ᠂ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠬᠠᠮᠲᠤ ᠪᠠᠷ ᠶᠠᠷᠢᠯᠴᠠᠪᠠ᠃ ᠨᠡᠶᠢᠭᠡᠮ ᠲᠣᠭᠤᠷᠢᠭ ᠤᠨ ᠪᠢᠴᠢᠬᠠᠨ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠨᠡᠶᠢᠭᠡᠮ ᠲᠣᠭᠤᠷᠢᠭ ᠤᠨ ᠠᠵᠢᠯᠲᠠᠳ ᠴᠡᠷᠢᠭ ᠠᠴᠠ ᠬᠠᠯᠠᠭᠳᠠᠭᠰᠠᠳ ᠲᠠᠢ ᠬᠠᠮᠲᠤ ᠲᠣᠭᠯᠠᠯᠲᠠ ᠦᠵᠡᠵᠦ᠂ ᠠᠭᠤᠵᠢᠷᠠᠲᠠᠯ᠎ᠠ ᠶᠠᠷᠢᠯᠴᠠᠵᠤ᠂ ᠲᠤᠬᠠᠶ ᠶᠢᠨ ᠲᠠᠯᠠᠪᠤᠷ ᠲᠤ ᠪᠠᠰᠠ ᠴᠠᠭᠠᠰᠤᠨ ᠬᠠᠶᠢᠴᠢᠯᠠᠮᠠᠯ᠂ ᠠᠯᠪᠠᠨ ᠵᠢᠷᠤᠮ ᠤᠨ ᠡᠮᠴᠢᠯᠡᠭᠡ᠂ ᠮᠡᠳᠡᠯᠭᠡ ᠶᠢᠨ ᠤᠷᠤᠯᠳᠤᠭᠠᠨ ᠵᠡᠷᠭᠡ ᠠᠵᠢᠯᠯᠠᠭ᠎ᠠ ᠥᠷᠨᠢᠭᠦᠯᠵᠦ᠂ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃      ᠰᠤᠷᠪᠤᠯᠵᠢᠯᠠᠭᠴᠢ ᠸᠠᠩ ᠵᠦᠩ ᠵᠸᠦ ᠰᠡᠭᠦᠲᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ