ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/13
      ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 10 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄      ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠶᠢᠨ ᠲᠤᠰᠠᠳᠠ᠂ ︽ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 713 ᠳ᠋ᠤᠭᠠᠷ ᠲᠣᠭᠠᠲᠤ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ ᠢ ᠨᠡᠶᠢᠲᠡᠯᠡᠪᠡ᠃      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2024 ᠣᠨ ᠤ 3 ᠳ᠋ᠤᠭᠠᠷ ᠰᠠᠷ᠎ᠠ ᠶᠢᠨ 29 ᠤ ᠡᠳᠦᠷ      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
2024第3-4期正文_p0002.jpg
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ