︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶᠠᠨ ᠤ ᠪᠦᠯᠦᠭᠯᠡᠯ ᠤᠨ | ᠬᠢᠵᠠᠭᠠᠷᠲᠤ ᠺᠣᠮᠫᠠᠨᠢ ᠠᠴᠠ ᠣᠢᠯᠠᠭᠠᠭᠰᠠᠨ ᠢᠶᠠᠷ᠂ ᠦᠢᠷ᠎ᠠ ᠶᠢᠨ ᠡᠳᠦᠷ᠂ 672 ᠵᠤᠭᠠᠴᠠᠭᠰᠠᠳ Y346 ᠤᠳᠠᠭ᠎ᠠ ᠶᠢᠨ ︽ᠲᠠᠯ᠎ᠠ ᠨᠤᠲᠤᠭ ᠤᠨ ᠣᠳᠣᠨ︾ | ᠤ ᠷᠠᠰᠢᠶᠠᠨ ᠤ ᠵᠢᠭᠤᠯᠴᠢᠯᠠᠯ ᠤᠨ ᠲᠤᠰᠬᠠᠢ ᠭᠠᠯᠲᠤ ᠲᠡᠷᠭᠡᠨ ᠳᠤ ᠰᠠᠭᠤᠵᠤ ︽ᠳᠤᠮᠳᠠᠳᠤ ᠤᠯᠤᠰ ᠤᠨ ᠪᠠᠢᠭᠠᠯᠢ ᠶᠢᠨ ᠬᠦᠴᠢᠯᠲᠦ᠋ᠷᠦᠭᠴᠢ ᠶᠢᠨ ᠪᠠᠭᠠᠷ︾ | ᠬᠡᠮᠡᠭᠳᠡᠭᠰᠡᠨ ᠷᠠᠰᠢᠶᠠᠨ ᠳᠤ ᠬᠦᠷᠴᠦ᠂ 7 ᠡᠳᠦᠷ ᠤᠨ 6 ᠰᠦᠨᠢ ᠶᠢᠨ ᠤᠮᠠᠷᠠᠲᠤ ᠬᠢᠯᠢ ᠶᠢᠨ ᠵᠤᠰᠠᠬᠤ ᠠᠶᠠᠯᠠᠯ ᠢᠶᠠᠨ ᠡᠬᠢᠯᠡᠭᠦᠯᠪᠡ᠃ | ᠵᠢᠭᠤᠯᠴᠢᠯᠠᠭᠴᠢᠳ ᠤᠨ ᠠᠮᠤᠷ ᠲᠦᠪᠰᠢᠨ ᠲᠠᠭᠠᠯᠠᠮᠵᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠡᠮᠦᠷ ᠵᠠᠮ ᠤᠨ ᠰᠠᠯᠠᠭ᠎ᠠ ᠮᠥᠴᠢᠷ | ᠵᠢᠭᠤᠯᠴᠢᠯᠠᠯ ᠤᠨ ᠭᠠᠯᠲᠤ ᠲᠡᠷᠭᠡᠨ ᠤ ᠠᠶᠠᠯᠠᠯ ᠤᠨ ᠱᠤᠭᠤᠮ ᠪᠠ ᠴᠠᠭ ᠮᠥᠴᠡ ᠶᠢ ᠨᠠᠷᠢᠨ ᠨᠢᠮᠪᠠᠶ ᠲᠤᠬᠢᠷᠠᠭᠤᠯᠵᠤ᠂ ᠡᠳᠦᠷ ᠢᠶᠠᠷ ᠵᠢᠭᠤᠯᠴᠢᠯᠠᠵᠤ ᠰᠥᠨᠢ ᠪᠠᠷ | ᠠᠶᠠᠯᠠᠬᠤ ᠠᠷᠭ᠎ᠠ ᠮᠠᠶ᠋ᠢᠭ ᠢ ᠠᠪᠴᠤ᠂ ᠲᠤᠰᠬᠠᠶ ᠭᠠᠯᠲᠤ ᠲᠡᠷᠭᠡ ᠲᠤᠷᠰᠢᠯᠭ᠎ᠠ ᠲᠠᠢ ᠠᠵᠢᠯᠳᠠᠨ᠂ ᠰᠢᠯᠢᠳᠡᠭ ᠵᠢᠭᠤᠯᠴᠢᠯᠠᠯ ᠤᠨ ᠬᠥᠲᠥᠴᠢ ᠪᠠ ᠲᠡᠷᠭᠡ ᠳᠠᠭᠠᠵᠤ | ᠡᠮᠨᠡᠭᠦᠯᠬᠦ ᠡᠮᠴᠢᠯᠡᠭᠡᠨ ᠤ ᠪᠠᠲᠤᠯᠠᠭ᠎ᠠ ᠶᠢᠨ ᠬᠥᠮᠦᠰ ᠢ ᠪᠥᠬᠦ ᠶᠠᠪᠤᠴᠠ ᠳᠤ ᠳᠣᠭᠢᠷᠠᠭᠤᠯᠵᠤ᠂ ᠵᠢᠭᠤᠯᠴᠢᠯᠠᠭᠴᠢᠳ ᠤᠨ ᠠᠮᠤᠷ ᠲᠦᠪᠰᠢᠨ ᠢ ᠪᠠᠲᠤᠯᠠᠪᠠ᠃ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠥᠷᠨᠢᠭᠦᠨ ᠬᠥᠭᠵᠢᠩᠭᠦᠢ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ᠂ ᠳᠤᠮᠳᠠᠳᠤ ᠤᠯᠤᠰ ᠤᠨ | ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠠᠬ᠎ᠠ ᠳᠡᠯᠭᠡᠭᠦᠷ᠂ ᠣᠷᠣᠨ ᠨᠤᠲᠤᠭ ᠤᠨ ᠰᠣᠶᠣᠯ ᠵᠢᠭᠤᠯᠴᠢᠯᠠᠯ ᠤᠨ | ᠰᠠᠯᠠᠭ᠎ᠠ ᠮᠥᠴᠢᠷ᠂ ᠵᠢᠭᠤᠯᠴᠢᠯᠠᠯ ᠤᠨ ᠺᠣᠮᠫᠠᠨᠢ ᠲᠠᠢ ᠨᠡᠪᠲᠡᠷᠡᠯᠴᠡᠨ ᠬᠠᠮᠲᠤᠷᠠᠯᠴᠠᠬᠤ ᠪᠠᠨ ᠴᠢᠩᠭᠠᠳᠬᠠᠵᠤ᠂ ︽ᠲᠠᠯ᠎ᠠ ᠨᠤᠲᠤᠭ ᠤᠨ ᠣᠳᠣᠨ︾ | ᠵᠢᠭᠤᠯᠴᠢᠯᠠᠯ ᠤᠨ ᠨᠠᠷᠠᠲᠤ ᠲᠡᠮᠳᠡᠭ ᠢᠶᠠᠷ ᠬᠥᠲᠥᠯᠦᠮᠵᠢ ᠪᠣᠯᠭᠠᠵᠤ᠂ ᠬᠠᠯᠠᠮᠰᠢᠯ ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ ᠬᠤᠯᠪᠣᠭᠠᠯᠠᠵᠤ᠂ ᠣᠯᠠᠨ | ︽ᠲᠡᠮᠦᠷ ᠵᠠᠮ + ᠵᠢᠭᠤᠯᠴᠢᠯᠠᠯ︾ ᠤᠨ ᠰᠣᠳᠣᠨ ᠲᠤᠰᠬᠠᠶ ᠭᠠᠯᠲᠤ ᠲᠡᠷᠭᠡ ᠶᠢ ᠭᠠᠷᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ ᠲᠠᠷᠠᠭᠠᠴᠢ ᠶᠢᠨ ᠠᠯᠬᠤᠮ ᠳᠤ᠂ ᠲᠡᠮᠦᠷ ᠵᠠᠮ ᠤᠨ ᠰᠠᠯᠠᠭ᠎ᠠ | ᠮᠥᠴᠢᠷ ᠤᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠵᠢᠭᠤᠯᠴᠢᠯᠠᠯ ᠤᠨ ᠬᠠᠯᠠᠮᠰᠢᠯ ᠴᠡᠭ ᠢ ᠦᠨᠳᠦᠰᠦᠯᠡᠨ᠂ ᠨᠠᠩ ᠣᠯᠠᠨ ᠵᠢᠭᠤᠯᠴᠢᠯᠠᠯ ᠤᠨ | ᠦᠢᠯᠡᠳᠬᠦᠨ ᠢ ᠢᠳᠡᠪᠬᠢᠲᠡᠶ ᠪᠠᠷ ᠨᠡᠭᠡᠭᠡᠨ ᠬᠥᠭᠵᠢᠭᠦᠯᠵᠦ᠂ ᠠᠷᠠᠳ ᠣᠯᠠᠨ ᠤ ᠶᠠᠪᠤᠵᠤ ᠰᠠᠭᠤᠬᠤ ᠬᠦᠰᠡᠯ ᠬᠡᠷᠡᠭᠴᠡᠭᠡ ᠶᠢ ᠬᠠᠩᠭᠠᠨ᠎ᠠ᠃ |