ᠤᠷᠤᠨ ᠤ ᠲᠥᠪ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ 134274.02 ᠲᠦᠮᠡᠨ ᠲᠥᠭᠦᠷᠢᠭ ᠤᠨ ᠨᠥᠬᠦᠪᠥᠷᠢ ᠶᠢᠨ ᠪᠡᠯᠡ ᠮᠥᠩᠭᠦ ᠤᠯᠭᠤᠪᠠ
ᠨᠡᠶᠢᠲᠡᠯᠡᠭᠰᠡᠨ ᠴᠠᠭ᠄
2024/8/19
       ︵ᠰᠤᠷᠪᠤᠯᠵᠢᠯᠠᠭᠴᠢ ᠰᠦᠩ ᠰᠢᠶᠠᠩ ᠬᠤᠸᠠ︶ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 134274.02 ᠲᠦᠮᠡᠨ ᠲᠥᠭᠦᠷᠢᠭ ᠤᠨ ᠨᠥᠬᠦᠪᠥᠷᠢ ᠮᠥᠩᠭᠦ ᠤᠯᠭᠤᠪᠠ᠂ ᠡᠭᠦᠨ ᠳᠤ᠂ ᠲᠠᠷᠢᠶᠠᠴᠢᠳ ᠤᠨ ᠨᠥᠬᠦᠪᠥᠷᠢ ᠪᠡᠯᠡ ᠮᠥᠩᠭᠦ 126745.03 ᠲᠦᠮᠡᠨ ᠲᠥᠭᠦᠷᠢᠭ᠂ 94.39% ᠶᠢ ᠡᠵᠡᠯᠡᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠡᠯᠡ ᠮᠥᠩᠭᠦ 7528.99 ᠲᠦᠮᠡᠨ ᠲᠥᠭᠦᠷᠢᠭ᠂ 5.61% ᠶᠢ ᠡᠵᠡᠯᠡᠨ᠎ᠡ᠃ ᠪᠥᠬᠦ ᠬᠤᠲᠠ ᠶᠢᠨ 89 ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 259.17 ᠲᠦᠮᠡᠨ ᠬᠥᠮᠦᠨ ᠤᠳᠠᠭ᠎ᠠ ᠤᠯᠭᠤᠪᠠ᠃ ᠨᠥᠬᠦᠪᠥᠷᠢ ᠮᠥᠩᠭᠦ ᠤᠯᠭᠤᠭᠰᠠᠨ ᠲᠦᠷᠦᠯ ᠵᠦᠢᠯ ᠨᠢ ᠨᠡᠶᠢᠲᠡ  8 ᠬᠦᠷᠢᠶᠡᠨ ᠤ 50 ᠲᠥᠷᠥᠯ 59 ᠵᠦᠢᠯ ᠢ ᠪᠠᠭᠲᠠᠭᠠᠪᠠ᠃      ᠣᠯᠭᠤᠭᠰᠠᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠳᠤ᠂ ᠣᠯᠭᠤᠭᠰᠠᠨ ᠵᠣᠭᠤᠰ ᠤᠨ ᠲᠤᠭ᠎ᠠ ᠶᠢᠨ ᠡᠵᠡᠯᠡᠬᠦ ᠬᠠᠷᠢᠴᠠᠯ ᠨᠡᠯᠢᠶᠡᠳ ᠶᠡᠭᠡ ᠨᠢ ᠭᠤᠤᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ᠂ ᠣᠶ ᠰᠢᠭᠤᠶ ᠶᠢᠨ ᠲᠥᠷᠥᠯ᠂ ᠴᠠᠯᠢᠩ ᠤᠨ ᠨᠥᠬᠦᠪᠥᠷᠢ ᠶᠢᠨ ᠲᠥᠷᠥᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠥᠷᠥᠯ ᠤᠨ ᠲᠠᠪᠤᠨ ᠶᠡᠭᠡ ᠨᠥᠬᠦᠪᠥᠷᠢ ᠶᠢᠨ ᠪᠠᠯᠠ ᠮᠥᠩᠭᠦ ᠪᠣᠯᠤᠨ᠎ᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ