ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠠᠵᠢᠯ ᠣᠯᠭᠤᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ
ᠨᠡᠶᠢᠲᠡᠯᠡᠭᠰᠡᠨ ᠴᠠᠭ᠄
2024/8/2
      ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠵᠢᠶᠠᠩ ᠮᠢᠨ ᠶᠠᠨ︶ ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠵᠢᠯᠣᠭᠤᠳᠤᠮᠵᠢ ᠶᠢ ᠳᠣᠪᠣᠶᠢᠯᠭᠠᠵᠤ᠂ ᠠᠵᠢᠯ ᠣᠯᠭᠤᠯᠲᠠ ᠶᠢᠨ ᠨᠥᠬᠦᠪᠥᠷᠢ ᠪᠡᠯᠡ ᠥᠩᠭᠦ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠢᠲᠤᠷ ᠬᠢᠪᠡ᠃ 1—7 ᠳ᠋ᠤᠭᠠᠷ ᠰᠠᠷ᠎ᠠ ᠳᠤ᠂ ᠨᠡᠶᠢᠲᠡ 466.74 ᠲᠦᠮᠡᠨ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠥᠷᠢ ᠮᠥᠩᠭᠦ ᠪᠠᠭᠤᠯᠭᠠᠪᠠ᠃ ᠡᠭᠦᠨ ᠳᠤ᠂ ᠳᠤᠮᠳᠠ ᠵᠢᠵᠢᠭ ᠠᠵᠤ ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠨᠥᠭᠡᠴᠡᠯᠡᠬᠦ ᠨᠥᠬᠦᠪᠥᠷᠢ ᠪᠠᠯᠠ ᠮᠥᠩᠭᠦ ᠶᠢ 192.1 ᠲᠦᠮᠡᠨ ᠲᠥᠭᠦᠷᠢᠭ᠂ ᠳᠤᠲᠠᠭᠳᠠᠵᠤ ᠪᠠᠶᠢᠭ᠎ᠠ ᠪᠠᠴᠢᠮ ᠬᠡᠷᠡᠭᠰᠡᠬᠦ ᠤᠷ᠎ᠠ ᠮᠡᠷᠭᠡᠰᠢᠯᠳᠦ ᠴᠢᠳᠠᠪᠤᠷᠢᠲᠠᠨ ᠤ ᠤᠨᠴᠠᠯᠢᠭᠳᠤ ᠪᠣᠯᠪᠠᠰᠤᠷᠠᠯ ᠤᠨ ᠲᠥᠷᠥᠯ ᠵᠦᠢᠯ ᠤᠨ ᠪᠠᠯᠠ ᠮᠥᠩᠭᠦ 176.1 ᠲᠦᠮᠡᠨ ᠲᠥᠭᠦᠷᠢᠭ᠂ ᠠᠵᠢᠯ ᠣᠯᠭᠤᠯᠲᠠ ᠶᠢᠨ ᠳᠠᠳᠤᠯᠭ᠎ᠠ ᠶᠢᠨ ᠠᠮᠢᠳᠤᠷᠠᠯ ᠤᠨ ᠨᠥᠬᠦᠪᠥᠷᠢ ᠪᠠᠯᠠ ᠮᠥᠩᠭᠦ 32.54 ᠲᠦᠮᠡᠨ ᠲᠥᠭᠦᠷᠢᠭ᠂ ᠠᠵᠤ ᠠᠬᠤᠶᠢᠯᠠᠯ ᠤᠨ ᠰᠢᠩᠭᠡᠭᠡᠨ ᠠᠪᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠪᠠᠯᠠ ᠮᠥᠩᠭᠦ ᠶᠢ 66 ᠲᠦᠮᠡᠨ ᠲᠥᠭᠦᠷᠢᠭ ᠪᠠᠭᠲᠠᠨ᠎ᠠ᠃ ᠬᠠᠮᠢᠶ᠎ᠠ ᠪᠦᠬᠦᠢ ᠪᠡᠯᠡ ᠮᠥᠩᠭᠦ ᠶᠢ ᠴᠠᠭ ᠲᠤᠬᠠᠢ ᠳᠤ ᠨᠢ ᠰᠠᠯᠭᠠᠨ ᠥᠭᠴᠦ ᠪᠣᠳᠠᠲᠠᠶᠢᠵᠢᠭᠤᠯᠵᠤ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ