ᠬᠥᠬᠡᠬᠤᠲᠠ ᠶᠢᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠶᠢ ᠳᠡᠰ ᠳᠡᠭᠡᠭᠰᠢᠯᠡᠭᠦᠯᠦᠨ 4.34 ᠳ᠋ᠦᠩᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/8/2
      ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠰᠢᠦᠢ ᠫᠧᠩ ᠹᠧᠢ︶ 7 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠬᠥᠬᠡᠬᠤᠲᠠ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠶᠢ ᠳᠡᠰ ᠳᠡᠭᠡᠭᠰᠢᠯᠡᠭᠦᠯᠦᠨ 4.34 ᠳ᠋ᠦᠩᠰᠢᠭᠤᠷ ᠲᠥᠭᠦᠷᠢᠭ ᠲᠠᠷᠬᠠᠭᠠᠪᠠ᠂ ᠡᠭᠦᠨ ᠳᠤ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ 3.1 ᠳ᠋ᠦᠩᠰᠢᠭᠤᠷ ᠲᠥᠭᠦᠷᠢᠭ᠂ ᠰᠦ ᠶᠢᠨ ᠦᠢᠯᠡᠰ ᠢ ᠬᠥᠭᠵᠢᠭᠦᠯᠬᠦ ᠪᠡᠯᠡ ᠮᠥᠩᠭᠦ 1.24 ᠳ᠋ᠦᠩᠰᠢᠭᠤᠷ ᠲᠥᠭᠦᠷᠢᠭ ᠪᠠᠭᠲᠠᠨ᠎ᠠ᠃      ︽ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢᠨ ᠰᠢᠨ᠎ᠡ ᠶᠢ ᠡᠭᠦᠳᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢ ᠳᠡᠰ ᠳᠡᠭᠡᠭᠰᠢᠯᠡᠭᠦᠯᠦᠨ ᠣᠯᠭᠤᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠣᠳᠣᠬᠠᠨ ᠳᠤ᠂      3.1 ᠳ᠋ᠦᠩᠰᠢᠭᠤᠷ ᠲᠥᠭᠦᠷᠢᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠪᠥᠬᠦ ᠬᠤᠲᠠ ᠶᠢᠨ 24.3 ᠲᠦᠮᠡᠨ ᠡᠷᠦᠬᠡ ᠳᠤ ᠬᠦᠷᠲᠡᠭᠡᠵᠦ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠰᠢᠭᠤ ᠰᠢᠶᠠᠨ ᠲᠣᠭᠤᠷᠢᠭ ᠤᠨ ᠨᠥᠬᠦᠪᠥᠷᠢ ᠶᠢᠨ ᠨᠠᠷᠢᠨ ᠲᠠᠩᠰᠠ ᠪᠠᠨ ᠳᠡᠭᠡᠭᠰᠢ ᠮᠡᠳᠡᠭᠦᠯᠦᠭᠰᠡᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠲᠡᠷᠡ ᠳᠠᠷᠤᠶ ᠴᠠᠭ ᠲᠤᠬᠠᠶ ᠳᠤᠨᠢ ᠨᠠᠷᠢᠯᠢᠭ ᠣᠨᠣᠴᠠᠲᠠᠶ ᠪᠠᠷ ᠲᠠᠷᠬᠠᠭᠠᠵᠤ᠂ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠪᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ 39 ᠠᠵᠤ ᠠᠬᠤᠶᠢᠯᠠᠯ᠂ ᠮᠠᠯᠵᠢᠯ ᠤᠨ ᠲᠠᠯᠠᠪᠠᠢ ᠵᠢᠴᠢ ᠬᠤᠷᠰᠢᠶᠠᠵᠢᠯ 32 ᠡᠷᠦᠬᠡ ᠳᠤ ᠠᠰᠢᠭ ᠬᠦᠷᠲᠡᠭᠡᠵᠦ᠂ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠬᠦ ᠬᠤᠳᠠ ᠶᠢᠨ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠪᠦᠲᠦᠮᠵᠢᠲᠡᠢ ᠠᠬᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ