ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠲᠦᠪᠰᠢᠨ ᠢ ᠪᠦᠭᠦ | ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠠᠮᠤᠷ ᠲᠦᠪᠰᠢᠨ ᠵᠢᠭᠤᠯᠴᠢᠯᠠᠯ ᠤᠨ ᠬᠡᠷᠡᠭᠯᠡᠭᠡᠨ ᠤ ᠣᠷᠴᠢᠨ ᠨᠥᠬᠦᠴᠡᠯ ᠢ ᠪᠤᠶ ᠪᠤᠯᠭᠠᠬᠤ ᠶᠢᠨ ᠲᠥᠯᠥᠭᠡ | ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ ᠵᠢᠭᠤᠯᠴᠢᠯᠠᠯ ᠤᠨ ᠵᠠᠭᠠᠯᠳᠤᠯᠭ᠎ᠠ ᠵᠢᠴᠢ ᠬᠠᠤᠯᠢ | ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠰᠦᠪᠡᠭᠴᠢ ᠲᠠᠢ ᠤᠶᠠᠯᠳᠤᠭᠤᠯᠤᠨ ᠪᠦᠭᠦ ᠬᠤᠲᠠ ᠶᠢᠨ 23 ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ | ᠤᠨ ᠠᠵᠢᠯ ᠢ ᠵᠣᠭᠰᠣᠭᠠᠵᠤ ᠴᠡᠭᠴᠡᠯᠡᠯᠲᠡ ᠬᠢᠪᠡ᠃ | ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠤᠬᠳᠤ ᠠᠭᠤᠴᠢᠯᠠᠬᠤ ᠦᠭᠡᠢ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠡᠭᠴᠡᠯᠡᠨ | ᠵᠠᠰᠠᠬᠤ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠵᠤ᠂ ᠠᠵᠢᠯ ᠲᠥᠷᠥᠯ ᠤᠨ ᠴᠡᠭᠴᠡᠯᠡᠨ ᠵᠠᠰᠠᠬᠤ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ᠂ ᠵᠢᠭᠤᠯᠴᠢᠯᠠᠬᠰᠠᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠶᠠᠭᠠᠬᠢᠭᠰᠠᠨ ᠴᠤ ᠢᠯᠳᠠᠷ ᠬᠠᠶᠠᠬᠤ ᠦᠭᠡᠢ᠂ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠬᠠᠮᠠᠭᠠᠯᠠᠵᠤ ᠪᠠᠶᠢᠨ᠎ᠠ᠃ | ᠣᠶᠢᠯᠠᠭᠠᠭᠰᠠᠨ ᠢᠶᠠᠷ᠂ ᠭᠦᠭᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠢ | ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠭᠠᠷᠳᠠᠴᠠ ᠪᠣᠯᠭᠠᠨ᠂ ᠡᠨᠡ ᠵᠢᠯ ᠤᠨ 8 ᠰᠠᠷ᠎ᠠ ᠶᠢᠨ 1 ᠠᠴᠠ 10 ᠰᠠᠷ᠎ᠠ ᠶᠢᠨ 31 ᠤ ᠡᠳᠦᠷ ᠪᠤᠯᠲᠠᠯ᠎ᠠ 3 ᠰᠠᠷ᠎ᠠ | ᠶᠢᠨ ᠬᠤᠭᠤᠴᠠᠭ᠎ᠠ ᠲᠠᠢ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠦᠢ ᠵᠣᠬᠢᠰ ᠦᠭᠡᠢ ᠬᠢᠮᠳᠠ ᠦᠨ᠎ᠡ | ᠶᠢᠨ ᠵᠢᠭᠤᠯᠴᠢᠯᠠᠯ ᠭᠠᠷᠭᠠᠭᠰᠠᠨ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠠᠮᠢᠶᠠᠷᠤᠯᠲᠠ ᠨᠢ ᠵᠢᠷᠤᠮᠵᠢᠯ ᠦᠭᠡᠢ᠂ ᠭᠥᠯᠢᠶᠡᠨ ᠠᠪᠬᠤ ᠨᠥᠬᠦᠴᠡᠯ ᠨᠢ | ᠲᠡᠭᠦᠯᠳᠡᠷ ᠪᠤᠰᠤ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠡᠵᠡᠩᠨᠡᠯᠲᠡ ᠬᠠᠮᠢᠶᠠᠷᠤᠯᠲᠠ ᠨᠢ ᠵᠢᠷᠤᠮᠵᠢᠯ ᠦᠭᠡᠢ ᠪᠠᠶᠢᠬᠤ᠂ ᠵᠢᠭᠤᠯᠴᠢᠯᠠᠯ ᠤᠨ ᠬᠥᠲᠥᠴᠢ | ᠵᠢᠭᠤᠯᠴᠢᠯᠠᠬᠰᠠᠳ ᠢ ᠮᠡᠬᠡᠯᠡᠨ ᠬᠢᠬᠠᠬᠤ᠂ ᠦᠨᠡᠮᠯᠡᠯ ᠦᠭᠡᠢ᠂ ᠡᠵᠡᠩᠨᠡᠯᠲᠡ ᠶᠢᠨ ᠬᠡᠪᠴᠢᠶᠡᠨ ᠠᠴᠠ ᠳᠠᠪᠠᠭᠤᠯᠤᠨ ᠡᠵᠡᠩᠨᠡᠭᠰᠡᠨ᠂ ᠠᠮᠤᠷ ᠲᠦᠪᠰᠢᠨ ᠤ ᠪᠠᠷᠢᠮᠵᠢᠶ᠎ᠠ | ᠳᠤ ᠨᠡᠶᠢᠴᠡᠬᠦ ᠦᠭᠡᠢ᠂ ᠪᠢᠯᠧᠲ ᠰᠠᠷᠢᠭᠠᠯᠠᠬᠤ᠂ ᠭᠡᠷᠡᠴᠢ ᠦᠨᠡᠮᠯᠡᠯ ᠦᠭᠡᠢ ᠲᠡᠷᠭᠡ ᠬᠥᠰᠬᠡ ᠶᠢ ᠬᠡᠷᠡᠭᠯᠡᠬᠦ᠂ ᠬᠤᠳᠠᠯ ᠬᠠᠭᠤᠷᠮᠠᠭ ᠵᠠᠷ ᠰᠤᠷᠳᠠᠯᠴᠢᠯᠠᠭ᠎ᠠ ᠬᠢᠬᠦ | ᠵᠡᠷᠭᠡ ᠠᠰᠠᠭᠤᠳᠠᠯ ᠳᠤ ᠴᠢᠩᠭ᠎ᠠ ᠴᠣᠬᠢᠯᠲᠠ ᠥᠭᠬᠦ ᠪᠠᠷ ᠲᠣᠭᠲᠠᠵᠠᠢ᠃ | | | |