ᠡᠨᠡ ᠵᠢᠯ ᠭᠦᠭᠡᠬᠤᠲᠠ ᠰᠤᠷᠤᠬᠴᠢ ᠡᠯᠰᠡᠬᠦ ᠣᠷᠣᠨ ᠲᠤᠭ᠎ᠠ ᠪᠠᠨ 2.2 ᠲᠦᠮᠡ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/8/20
      ᠰᠤᠷᠪᠤᠯᠵᠢᠯᠠᠬᠴᠢ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠲᠠ ᠶᠢᠨ ᠬᠢᠨ ︽ᠰᠤᠷᠤᠯᠴᠠᠬᠤ ᠳᠤ ᠲᠠᠭᠠᠲᠠᠢ ᠬᠤᠲᠠ︾ ᠶᠢ  ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠡᠢ ᠠᠬᠢᠭᠤᠯᠵᠤ᠂ ᠡᠨᠡ ᠵᠢᠯ   20   ᠲᠦᠷᠦᠯ ᠵᠦᠢᠯ  ᠢ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ᠂  ᠰᠤᠷᠤᠬᠴᠢ ᠡᠯᠰᠡᠬᠦ ᠣᠷᠣᠨ ᠲᠤᠭ᠎ᠠ ᠶᠢ 2.2 ᠲᠦᠮᠡ ᠰᠢᠨ᠎ᠡ ᠪᠠᠷ ᠨᠡᠮᠡᠭᠳᠡᠭᠦᠯᠬᠦ ᠪᠠᠷ ᠪᠠᠶᠢᠨ᠎ᠠ᠃      ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠦᠨᠳᠦᠰᠦᠯᠡᠪᠡᠯ᠂ ᠣᠷᠣᠨ ᠤ ᠲᠥᠪ ᠤᠨ ᠡᠨᠡ ᠵᠢᠯ ᠤᠨ 9 ᠰᠠᠷ᠎ᠠ ᠳᠤ ᠠᠰᠢᠭᠯᠠᠯᠲᠠ ᠳᠤ ᠣᠷᠣᠭᠤᠯᠵᠤ ᠪᠤᠯᠬᠤ ᠲᠥᠷᠥᠯ ᠵᠦᠢᠯ 20 ᠪᠤᠶ᠂ ᠡᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠲᠥᠷᠥᠯ ᠵᠦᠢᠯ 11᠂ ᠬᠡᠦᠬᠡᠳ ᠤᠨ ᠴᠡᠴᠡᠷᠯᠢᠭ ᠤᠨ ᠲᠥᠷᠥᠯ ᠵᠦᠢᠯ 9 ᠪᠤᠶ᠃ ᠣᠳᠣᠬᠠᠨ ᠳᠤ ᠡᠳᠡᠭᠡᠷ ᠲᠦᠷᠦᠯ ᠵᠦᠢᠯ ᠤᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠪᠦᠭᠦᠨ ᠢ ᠳᠠᠭᠤᠰᠬᠠᠵᠤ᠂ ᠶᠠᠭ ᠴᠠᠭ ᠢ ᠠᠮᠵᠢᠨ ᠳᠣᠲᠣᠷ᠎ᠠ ᠭᠠᠳᠠᠨᠠᠬᠢ ᠶᠢ ᠵᠠᠰᠠᠵᠤ ᠴᠢᠮᠡᠭᠯᠡᠬᠦ  ᠠᠵᠢᠯ ᠢ  ᠱᠠᠯᠠᠪᠳᠠᠭᠤᠯᠤᠨ ᠬᠢᠵᠦ ᠪᠤᠢ᠃ ᠡᠨᠡ ᠵᠢᠯ ᠤᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠭ᠎ᠠ ᠲᠥᠷᠥᠯ ᠵᠦᠢᠯ ᠤᠨ ᠳᠣᠲᠣᠷ᠎ᠠ ᠬᠡᠪᠴᠢᠶ᠎ᠡ ᠪᠠᠷ ᠨᠡᠯᠢᠶᠡᠳ ᠶᠡᠭᠡ ᠪᠥᠭᠡᠳ ᠨᠡᠯᠢᠶᠡᠳ ᠲᠥᠯᠥᠭᠡᠯᠡᠬᠦ ᠴᠢᠨᠠᠷᠲᠠᠢ ᠲᠥᠷᠥᠯ ᠵᠦᠢᠯ ᠳᠤ ᠰᠢᠨ᠎ᠡ ᠬᠤᠲᠠ ᠲᠣᠭᠤᠷᠢᠭ ᠤᠨ ᠶᠢᠰᠦᠨ ᠵᠢᠯ ᠤᠨ ᠳᠦᠷᠢᠮᠲᠦ ᠰᠤᠷᠭᠠᠭᠤᠯᠢ  ︵ᠪᠠᠭ᠎ᠠ ᠰᠤᠷᠭᠠᠭᠤᠯᠢ︶ ᠶᠢᠨ ᠲᠥᠷᠥᠯ ᠵᠦᠢᠯ᠂ ᠢᠦᠢ ᠴᠢᠥᠸᠠᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠭᠦᠭᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠤᠨ ᠲᠥᠷᠥᠯ ᠵᠦᠢᠯ᠂ ᠰᠠᠶᠢᠬᠠᠨ ᠲᠣᠭᠤᠷᠢᠭ ᠤᠨ ᠬᠤᠣᠰ ᠲᠠᠶᠢᠱᠢ ᠰᠤᠷᠭᠠᠭᠤᠯᠢ ᠶᠢᠨ ᠲᠥᠷᠥᠯ ᠵᠦᠢᠯ ᠪᠠᠭᠲᠠᠨ᠎ᠠ᠃      ᠲᠠᠨᠢᠯᠴᠠᠭᠤᠯᠤᠭᠰᠠᠨ ᠢᠶᠠᠷ᠂ ᠰᠢᠨ᠎ᠡ ᠬᠤᠲᠠ ᠲᠣᠭᠤᠷᠢᠭ ᠤᠨ ᠶᠢᠰᠦᠨ ᠵᠢᠯ ᠤᠨ ᠳᠦᠷᠢᠮᠲᠦ ᠰᠤᠷᠭᠠᠭᠤᠯᠢ ᠳᠤ ᠵᠠᠰᠠᠭ ᠵᠠᠬᠢᠷᠭᠠᠨ ᠤ ᠠᠯᠪᠠᠨ ᠠᠰᠠᠷ᠂ ᠬᠠᠮᠲᠤ ᠪᠠᠷ ᠡᠳ᠋ᠯᠡᠬᠦ ᠲᠥᠪ ᠤᠨ ᠶᠡᠷᠦᠩᠬᠡᠶᠢᠯᠡᠭᠰᠡᠨ ᠠᠰᠠᠷ᠂ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠠᠩᠬ᠎ᠠ  ᠳᠤᠮᠳᠠᠳᠤ ᠶᠢᠨ  ᠵᠢᠭᠠᠨ ᠰᠤᠷᠭᠠᠯᠲᠠ ᠶᠢᠨ ᠠᠰᠠᠷ᠂ ᠮᠡᠳᠡᠭᠦᠯᠦᠯᠲᠡ ᠶᠢᠨ ᠲᠢᠩᠬᠢᠮ ᠵᠢᠴᠢ ᠨᠣᠮ ᠤᠨ ᠰᠠᠩ᠂ ᠬᠤᠭᠤᠯᠠᠨ ᠭᠡᠷ ᠵᠢᠴᠢ ᠪᠡᠶ᠎ᠡ ᠶᠢᠨ ᠲᠠᠮᠢᠷ ᠤᠨ ᠣᠷᠳᠣᠨ ᠵᠡᠷᠭᠡ ᠪᠤᠶ᠃ ᠰᠤᠷᠭᠠᠭᠤᠯᠢ ᠡᠷᠭᠢᠯᠡᠭᠦ ᠬᠡᠪᠴᠢᠶ᠎ᠡ ᠨᠢ 45 ᠠᠩᠭᠢ ᠪᠠᠶᠢᠵᠤ᠂  ᠪᠠᠭ᠎ᠠ ᠰᠤᠷᠭᠠᠭᠤᠯᠢ ᠶᠢᠨ 30 ᠠᠩᠭᠢ ᠳᠤ 1350 ᠰᠣᠷᠣᠬᠴᠢ ᠡᠯᠰᠡᠨ᠎ᠡ; ᠠᠩᠬ᠎ᠠ ᠳᠤᠮᠳᠠᠳᠤ ᠶᠢᠨ 15 ᠠᠩᠭᠢ ᠳᠤ 750 ᠰᠣᠷᠣᠬᠴᠢ ᠡᠯᠰᠡᠵᠦ᠂ ᠨᠡᠶᠢᠳᠡ 2100 ᠰᠤᠷᠤᠬᠴᠢ ᠡᠯᠰᠡᠨ᠎ᠡ᠃ ᠢᠦᠢ ᠴᠢᠥᠸᠠᠨ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠭᠦᠭᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠲᠣᠭᠤᠷᠢᠭ ᠤᠨ ᠲᠥᠷᠥᠯ ᠵᠦᠢᠯ ᠳᠤ 72 ᠵᠢᠭᠠᠨ ᠰᠤᠷᠭᠠᠯᠲᠠ ᠶᠢᠨ ᠠᠩᠭᠢ ︵ᠪᠠᠭ᠎ᠠ ᠰᠤᠷᠭᠠᠭᠤᠯᠢ ᠶᠢᠨ ᠬᠡᠯᠲᠡᠰ ᠤᠨ 48 ᠠᠩᠭᠢ᠂ ᠠᠩᠬ᠎ᠠ ᠳᠤᠮᠳᠠᠳᠤ ᠶᠢᠨ ᠬᠡᠯᠲᠡᠰ ᠤᠨ 24  ᠠᠩᠭᠢ︶ᠲᠣᠬᠢᠷᠠᠭᠤᠯᠵᠤ᠂ 3600 ᠰᠤᠷᠤᠬᠴᠢ ᠡᠯᠰᠡᠬᠦ ᠣᠷᠣᠨ ᠲᠤᠭ᠎ᠠ ᠨᠡᠮᠡᠪᠡ᠃ ᠰᠠᠶᠢᠬᠠᠨ ᠲᠣᠭᠤᠷᠢᠭ ᠤᠨ ᠬᠤᠣᠰ ᠲᠠᠶᠢᠱᠢ ᠰᠤᠷᠭᠠᠭᠤᠯᠢ ᠶᠢᠨ ᠲᠥᠷᠥᠯ ᠵᠦᠢᠯ ᠳᠤ 60 ᠵᠢᠭᠠᠨ ᠰᠤᠷᠭᠠᠯᠲᠠ ᠶᠢᠨ ᠠᠩᠭᠢ ᠲᠣᠬᠢᠷᠠᠭᠤᠯᠵᠤ᠂ 2700 ᠰᠤᠷᠤᠬᠴᠢ ᠡᠯᠰᠡᠬᠦ ᠣᠷᠣᠨ ᠲᠤᠭ᠎ᠠ ᠨᠡᠮᠡᠪᠡ᠃      ᠣᠶᠢᠯᠠᠭᠠᠭᠰᠠᠨ ᠢᠶᠠᠷ᠂ ᠰᠢᠨ᠎ᠡ ᠬᠤᠲᠠ ᠲᠣᠭᠤᠷᠢᠭ ᠤᠨ ᠳ᠋ᠦᠩ ᠾᠧ ᠪᠠᠭ᠎ᠠ ᠰᠤᠷᠭᠠᠭᠤᠯᠢ᠂  ᠳ᠋ᠢᠩ ᠰᠢᠶᠠᠩ ᠵᠠᠮ ᠤᠨ  ᠪᠠᠭ᠎ᠠ ᠰᠤᠷᠭᠠᠭᠤᠯᠢ ᠶᠢ ᠥᠷᠭᠡᠳᠬᠡᠨ ᠪᠠᠶᠢᠭᠤᠯᠵᠤ᠂ ᠬᠤᠲᠣᠩ ᠠᠷᠠᠳ ᠤᠨ ᠲᠣᠭᠤᠷᠢᠭ ᠤᠨ ᠲᠠᠶᠢᠫᠢᠩ ᠵᠡᠭᠡᠯᠢ ᠶᠢᠨ ᠪᠠᠭ᠎ᠠ ᠰᠤᠷᠭᠠᠭᠤᠯᠢ ᠶᠢᠨ ᠰᠢᠶᠠᠩ ᠱᠧᠩ ᠴᠧᠩ ᠰᠤᠷᠭᠠᠭᠤᠯᠢ ᠶᠢᠨ ᠲᠣᠭᠤᠷᠢᠭ᠂ ᠭᠦᠭᠡᠬᠤᠲᠠ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ᠂ ᠭᠦᠭᠡᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠢᠨᠴᠤᠸᠠᠨ ᠰᠤᠷᠭᠠᠭᠤᠯᠢ ᠶᠢᠨ ᠲᠣᠭᠤᠷᠢᠭ᠂ ᠢᠦᠢ ᠴᠢᠥᠸᠠᠨ ᠲᠣᠭᠤᠷᠢᠭ ᠤᠨ ᠱᠢ ᠱᠦᠢ ᠮᠦᠸᠧ ᠬᠡᠦᠬᠡᠳ ᠤᠨ ᠴᠡᠴᠡᠷᠯᠢᠭ᠂ ᠰᠠᠶᠢᠬᠠᠨ ᠲᠣᠭᠤᠷᠢᠭ ᠤᠨ ᠵᠢᠶᠠᠩ ᠱᠠᠨ ᠹᠧᠩ ᠬᠤᠸᠠ ᠬᠡᠦᠬᠡᠳ ᠤᠨ ᠴᠡᠴᠡᠷᠯᠢᠭ᠂  ᠢ ᠯᠢ ᠵᠡᠭᠦᠨ ᠲᠣᠭᠤᠷᠢᠭ ᠤᠨ ᠬᠡᠦᠬᠡᠳ ᠤᠨ ᠴᠡᠴᠡᠷᠯᠢᠭ᠂  ᠸᠠᠨ ᠶᠢᠨ ᠶᠦᠨ ᠰᠢ ᠬᠡᠦᠬᠡᠳ ᠤᠨ ᠴᠡᠴᠡᠷᠯᠢᠭ᠂  ᠸᠠᠨ ᠶᠢᠨ ᠾᠧ ᠲᠠᠢ ᠬᠡᠦᠬᠡᠳ ᠤᠨ ᠴᠡᠴᠡᠷᠯᠢᠭ ᠵᠡᠷᠭᠡ ᠲᠦᠷᠦᠯ ᠵᠦᠢᠯ ᠢ ᠴᠥᠮ ᠡᠨᠡ ᠵᠢᠯ ᠤᠨ 9 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ