ᠦᠴᠣᠸᠠᠨ ᠮᠦᠽᠧᠢ ᠵᠢᠩᠬᠢᠨᠢ ᠪᠠᠷ ᠨᠡᠭᠡᠭᠡᠪᠡ
ᠨᠡᠶᠢᠲᠡᠯᠡᠭᠰᠡᠨ ᠴᠠᠭ᠄
2024/8/20
0820.jpg     
       ᠠᠷᠪᠠᠳᠤᠭᠠᠷ ᠬᠤᠭᠤᠴᠠᠭᠠᠨ ᠤ ︽ᠮᠦᠽᠧᠢ ᠶᠢᠨ ᠦᠵᠡᠰᠭᠦᠯᠡᠩ︾ ᠤᠳᠠᠯ ᠦᠭᠡᠢ ᠶᠠᠪᠤᠭᠳᠠᠬᠤ ᠭᠡᠵᠦ ᠪᠠᠢᠭ᠎ᠠ ᠳᠠᠰᠢᠷᠠᠮ ᠢᠶᠠᠷ᠂ ᠶᠡᠷᠦᠩᠬᠡᠢ ᠪᠡᠯᠡ ᠣᠷᠣᠭᠤᠯᠤᠯᠲᠠ ᠨᠢ 9000 ᠭᠠᠷᠤᠢ ᠲᠦᠮᠡᠨ ᠲᠥᠭᠦᠷᠢᠭ ᠤᠨ ᠦᠴᠣᠸᠠᠨ ᠮᠦᠽᠧᠢ ᠤᠶᠢᠷ᠎ᠠ ᠳᠤ ᠵᠢᠩᠬᠢᠨᠢ ᠪᠠᠷ ᠨᠡᠭᠡᠭᠡᠯᠲᠡ ᠬᠢᠪᠡ᠃ ᠲᠤᠰ ᠮᠦᠽᠧᠶ ᠶᠢᠨ ᠶᠡᠷᠦᠩᠬᠡᠶ ᠲᠠᠯᠠᠪᠠᠶ ᠨᠢ 3.6 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 4865 ᠲᠡᠭᠰᠢ ᠳᠥᠷᠪᠡᠯᠵᠢᠨ ᠮᠧᠲᠷ ᠪᠠᠶᠢᠵᠤ᠂ ᠲᠥᠪᠯᠡᠷᠡᠭᠦᠯᠦᠨ ᠬᠠᠳᠠᠭᠠᠯᠠᠬᠤ᠂ ᠳᠡᠯᠭᠡᠨ ᠦᠵᠡᠭᠦᠯᠬᠦ᠂ ᠰᠤᠳᠤᠯᠬᠤ᠂ ᠰᠤᠷᠭᠠᠨ ᠬᠦᠮᠦᠵᠢᠭᠦᠯᠬᠦ᠂  ᠤᠯᠠᠮᠵᠢᠯᠠᠨ ᠳᠠᠮᠵᠢᠭᠤᠯᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠲᠡᠦᠬᠡ ᠶᠢᠨ ᠮᠦᠽᠧᠶ ᠪᠣᠯᠤᠨ᠎ᠠ᠃      ᠣᠶᠢᠯᠠᠭᠠᠭᠰᠠᠨ ᠢᠶᠠᠷ᠂ ᠦᠴᠤᠸᠠᠨ ᠤ ᠮᠦᠽᠧᠶ ᠨᠡᠶᠢᠲᠡ 6 ᠦᠵᠡᠭᠦᠯᠦᠯᠭᠡ ᠶᠢᠨ ᠲᠢᠩᠬᠢᠮ ᠲᠠᠢ ᠪᠠᠶᠢᠵᠤ᠂ ᠪᠠᠯᠠᠷ ᠡᠷᠲᠡᠨ ᠤ ᠦᠶ᠎ᠡ᠂ ᠴᠢᠨ ᠬᠠᠨ ᠤ ᠦᠶ᠎ᠡ᠂ ᠸᠧᠶ ᠶᠢᠨ ᠡᠮᠦᠨᠡᠲᠦ ᠤᠮᠠᠷᠠᠲᠤ ᠲᠥᠷᠥ ᠰᠦᠶ ᠲᠠᠩ ᠤᠨ ᠦᠶ᠎ᠡ᠂ ᠯᠢᠶᠣᠤ ᠤᠯᠤᠰ ᠠᠯᠲᠠᠨ ᠤᠯᠤᠰ ᠶᠤᠸᠠᠨ ᠤᠯᠤᠰ ᠤᠨ ᠦᠶ᠎ᠡ᠂ ᠮᠢᠩ ᠴᠢᠩ ᠤᠨ ᠦᠶ᠎ᠡ ᠶᠢᠨ ᠬᠤᠪᠢᠶᠠᠷᠢᠯᠠᠯ ᠢᠶᠠᠷ 5 ᠦᠵᠡᠭᠦᠯᠦᠯᠭᠡ ᠶᠢᠨ ᠲᠢᠩᠬᠢᠮ ᠢ ᠵᠢᠭᠰᠠᠭᠠᠨ᠂ ᠦᠴᠤᠸᠠᠨ ᠰᠢᠶᠠᠨ ᠤ ᠤᠷᠤᠨ ᠨᠤᠲᠤᠭ ᠤᠨ ᠦᠯᠡᠳᠡᠭᠳᠡᠯ ᠢ ᠢᠯᠡᠷᠡᠭᠦᠯᠬᠦ ᠶᠢᠨ ᠬᠠᠮᠲᠤ ᠪᠠᠰᠠ ᠨᠢᠭᠡᠨ ᠡᠷᠲᠡᠨ ᠤ ᠵᠣᠭᠤᠰ ᠤᠨ ᠦᠵᠡᠭᠦᠯᠦᠯᠭᠡ ᠶᠢᠨ ᠲᠢᠩᠬᠢᠮ ᠢ ᠲᠤᠬᠢᠷᠠᠭᠤᠯᠤᠭᠰᠠᠨ ᠪᠠᠶᠢᠨ᠎ᠠ᠃ ᠲᠤᠰ ᠮᠦᠽᠧᠶ ᠨᠢ ᠣᠯᠠᠨ ᠡᠰᠢᠲᠦ ᠴᠢᠨᠠᠷᠲᠠᠶ ᠦᠵᠡᠭᠳᠡᠯ ᠪᠠ ᠣᠨᠴᠠᠯᠢᠭᠲᠤ ᠣᠷᠣᠨ ᠵᠠᠶ ᠶᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠲᠡᠦᠬᠡ ᠰᠣᠶᠣᠯ ᠢ ︽ᠣᠯᠵᠤ ᠰᠣᠨᠣᠰᠬᠤ᠂ ᠦᠵᠡᠵᠦ ᠳᠡᠶᠢᠯᠬᠦ᠂ ᠣᠶᠢᠯᠠᠭᠠᠵᠤ ᠳᠡᠶᠢᠯᠬᠦ︾ ᠪᠣᠯᠭᠠᠪᠠ᠃      ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ