ᠣᠷᠣᠨ ᠤ ᠲᠥᠪ ᠬᠤᠲᠠ ᠶᠢᠨ ᠡᠳ᠋ ᠤᠨ ᠵᠠᠰᠠᠭ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠡᠯᠡ ᠮᠥᠩᠭᠦ ᠶᠢ ᠪᠥᠬᠦ ᠬᠦᠴᠦᠨ ᠢᠶᠠᠷ ᠢᠶᠠᠨ  ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/8/26
      ︵ᠰᠤᠷᠪᠤᠯᠵᠢᠯᠠᠭᠴᠢ ᠰᠦᠩ ᠰᠢᠶᠠᠩ ᠬᠤᠸᠠ ᠲᠠᠳᠤᠯᠭ᠎ᠠ ᠶᠢᠨ ᠰᠤᠷᠤᠭᠴᠢ ᡁᠢ ᠰᠢᠨ ᠴᠢᠮᠡᠬᠡᠯᠡᠭᠴᠢ ᠸᠠᠩ ᠰᠢᠤ ᠵᠢᠤᠸᠠᠨ︶ ︽2024 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠥᠬᠦᠪᠥᠷᠢ ᠶᠢᠨ ᠵᠠᠷᠤᠳᠠᠯ ᠤᠨ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ  ᠰᠤᠷᠭᠠᠨ ᠬᠦᠮᠦᠵᠢᠯ ᠤᠨ ᠲᠢᠩᠬᠢᠮ ᠤᠨ ᠮᠡᠳᠡᠭᠳᠡᠯ︾ ᠢ ᠦᠨᠳᠦᠰᠦᠯᠡᠨ᠂ ᠣᠶᠢᠷ᠎ᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠬᠤᠶᠠᠳᠤᠭᠠᠷ ᠪᠦᠯᠦᠭ ᠤᠨ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠥᠬᠦᠪᠥᠷᠢ ᠶᠢᠨ ᠵᠠᠷᠤᠳᠠᠯ ᠢ 6112.67 ᠲᠦᠮᠡᠨ ᠲᠥᠭᠦᠷᠢᠭ ᠪᠠᠭᠤᠯᠭᠠᠵᠤ᠂ ᠡᠭᠦᠨ ᠳᠤ ᠨᠡᠶᠢᠲᠡ ᠶᠢᠨ ᠬᠡᠷᠡᠭᠯᠡᠭᠡᠨ ᠤ ᠵᠠᠷᠤᠳᠠᠯ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠯᠠ ᠮᠥᠩᠭᠦ ᠵᠡᠷᠭᠡ ᠶᠢ ᠪᠠᠭᠲᠠᠭᠠᠨ᠎ᠠ᠃      ᠲᠠᠨᠢᠯᠴᠠᠭᠤᠯᠤᠭᠰᠠᠨ ᠢᠶᠠᠷ᠂ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢᠨ ᠤᠯᠤᠰ ᠤᠨ ᠰᠠᠭᠤᠷᠢ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠢᠯ ᠤᠨ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ ᠪᠠᠭ᠎ᠠ ᠰᠤᠷᠭᠠᠭᠤᠯᠢ 1000 ᠲᠥᠭᠦᠷᠢᠭ ᠪᠠᠶᠢᠭᠰᠠᠨ ᠠᠴᠠ ᠪᠠᠨ 1250 ᠲᠥᠭᠦᠷᠢᠭ ᠪᠣᠯᠤᠨ ᠳᠡᠭᠡᠭᠰᠢᠯᠡᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 1250 ᠲᠥᠭᠦᠷᠢᠭ ᠪᠠᠶᠢᠭᠰᠠᠨ ᠠᠴᠠ ᠪᠠᠨ 1500 ᠲᠥᠭᠦᠷᠢᠭ ᠪᠣᠯᠤᠨ ᠳᠡᠭᠡᠭᠰᠢᠯᠡᠪᠡ︔ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠬᠤ ᠥᠬᠡᠶ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠦᠷᠭᠦᠯᠵᠢᠯᠡᠨ ᠪᠠᠶᠢᠷᠢ ᠳᠤ ᠰᠠᠭᠤᠬᠤ ᠰᠣᠷᠣᠭᠴᠢ ᠶᠢᠨ ᠠᠮᠢᠳᠤᠷᠠᠯ ᠤᠨ ᠨᠥᠬᠦᠪᠥᠷᠢ ᠶᠢᠨ ᠤᠯᠤᠰ ᠤᠨ ᠰᠠᠭᠤᠷᠢ ᠪᠠᠷᠢᠮᠵᠢᠶ᠎ᠠ ᠶᠢᠨ 50% ᠪᠠᠷ ᠬᠠᠷᠭᠤᠭᠤᠯᠤᠨ ᠲᠤᠭᠲᠠᠭᠠᠵᠠᠢ᠃ ᠡᠨᠡᠬᠦ ᠰᠠᠭᠤᠷᠢᠨ ᠳᠡᠭᠡᠷ᠎ᠡ᠂ ᠬᠥᠮᠦᠨ ᠠᠮᠠ ᠨᠡᠯᠢᠶᠡᠳ ᠴᠥᠭᠡᠨ  ᠴᠦᠬᠡᠨ ᠲᠤᠭᠠᠲᠤ ᠦᠨᠳᠦᠰᠦᠲᠡᠨ ᠤ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢᠳ ᠲᠤ ᠵᠢᠯ ᠪᠦᠷᠢ ᠰᠤᠷᠤᠭᠴᠢ ᠨᠢᠭᠡᠪᠦᠷᠢ ᠶᠢᠨ ᠳᠤᠮᠳᠠᠴᠢ 250 ᠲᠥᠭᠦᠷᠢᠭ ᠤᠨ ᠪᠠᠷᠢᠮᠵᠢᠶ᠎ᠠ ᠪᠠᠷ ᠠᠮᠢᠳᠤᠷᠠᠯ ᠤᠨ ᠲᠤᠰᠠᠯᠠᠮᠵᠢ ᠶᠢ ᠨᠢ ᠨᠡᠮᠡᠭᠳᠡᠭᠦᠯᠵᠦ᠂ ᠬᠡᠷᠡᠭᠰᠡᠬᠦ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃      ᠡᠭᠦᠨ ᠤ ᠬᠠᠮᠲᠤ᠂ ᠰᠤᠷᠤᠭᠴᠢᠳ ᠤᠨ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠥᠷᠢᠯᠡᠬᠦ︾ ᠪᠠ ᠰᠢᠮ᠎ᠡ ᠲᠡᠵᠢᠭᠡᠯ ᠢᠳᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠤᠨ ᠰᠤᠷᠭᠠᠨ ᠬᠥᠮᠦᠵᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠲᠣᠭᠲᠠᠭᠠᠯ ᠶᠣᠰᠣᠭᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ︵ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠪᠠᠭᠲᠠᠨ᠎ᠠ︶ ᠳᠤ ︽ᠬᠤᠶᠠᠷ ᠢ ᠬᠡᠯᠲᠦᠷᠢᠭᠦᠯᠵᠦ ᠬᠤᠶᠠᠷ ᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ︵ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠭᠲᠠᠭᠠᠨ᠎ᠠ︶ ᠳᠤ ᠰᠤᠷᠤᠭᠴᠢ ᠨᠢᠭᠡᠪᠦᠷᠢ ᠶᠢᠨ ᠳᠤᠮᠳᠠᠴᠢ ᠠᠯᠪᠠᠨ ᠵᠠᠷᠤᠳᠠᠯ ᠤᠨ ᠰᠠᠭᠤᠷᠢ ᠲᠤᠭ᠎ᠠ ᠶᠢᠨ ᠪᠠᠷᠢᠮᠵᠢᠶ᠎ᠠ ᠠᠴᠠ ᠳᠣᠤᠷ᠎ᠠ ᠦᠭᠡᠶ ᠪᠠᠷᠢᠮᠵᠢᠶ᠎ᠠ ᠪᠠᠷ ᠠᠯᠪᠠᠨ ᠬᠡᠷᠡᠭᠯᠡᠭᠡᠨ ᠤ ᠵᠠᠷᠤᠳᠠᠯ ᠢ ᠨᠥᠬᠦᠪᠥᠷᠢᠯᠡᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠯᠪᠠᠨ ᠬᠡᠷᠡᠭᠯᠡᠭᠡᠨ ᠤ ᠵᠠᠷᠤᠳᠠᠯ ᠪᠠ ᠰᠢᠮ᠎ᠡ ᠲᠡᠵᠢᠭᠡᠯ ᠢᠳᠡᠭᠡᠨ ᠤ ᠨᠥᠬᠦᠪᠥᠷᠢ ᠵᠡᠷᠭᠡ ᠪᠡᠯᠡ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠬᠦ ᠬᠡᠷᠡᠭᠲᠡᠶ᠃      ᠬᠥᠳᠡᠭᠡ ᠲᠣᠰᠬᠤᠨ ᠤ ᠰᠤᠷᠭᠠᠭᠤᠯᠢ ᠶᠢᠨ ᠪᠠᠶᠢᠷᠢ ᠶᠢᠨ ᠨᠢᠭᠡᠴᠢ ᠲᠠᠯᠠᠪᠠᠶ ᠶᠢᠨ ᠨᠥᠬᠦᠪᠥᠷᠢ ᠶᠢ ᠬᠡᠮᠵᠢᠨ ᠪᠣᠳᠣᠬᠤ ᠪᠠᠷᠢᠮᠵᠢᠶ᠎ᠠ ᠶᠢ ᠳᠡᠭᠡᠭᠰᠢᠯᠡᠭᠦᠯᠪᠡ᠃ 2024 ᠣᠨ ᠠᠴᠠ ᠡᠬᠢᠯᠡᠨ ᠨᠢᠭᠡᠴᠢ ᠲᠠᠯᠠᠪᠠᠶ ᠶᠢᠨ ᠨᠥᠬᠦᠪᠥᠷᠢ ᠶᠢᠨ ᠲᠥᠰᠦᠭᠡᠯᠡᠨ ᠪᠤᠳᠤᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ 900 ᠲᠥᠭᠦᠷᠢᠭ / ᠲᠡᠭᠰᠢ ᠳᠥᠷᠪᠡᠯᠵᠢᠨ ᠮᠧᠲᠷ ᠪᠠᠶᠢᠭᠰᠠᠨ ᠠᠴᠠ 1200 ᠲᠥᠭᠦᠷᠢᠭ / ᠲᠡᠭᠰᠢ ᠳᠥᠷᠪᠡᠯᠵᠢᠨ ᠮᠧᠲᠷ ᠪᠣᠯᠭᠠᠨ ᠳᠡᠭᠡᠭᠰᠢᠯᠡᠭᠦᠯᠪᠡ︔ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠴᠠᠯᠢᠩ ᠤᠨ ᠴᠢᠨᠠᠷᠲᠠᠶ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠲᠥᠪ ᠤᠨ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠴᠠᠯᠢᠩ ᠤᠨ ᠴᠢᠨᠠᠷᠲᠠᠶ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ 3.82 ᠲᠦᠮᠡᠨ ᠲᠥᠭᠦᠷᠢᠭ ᠪᠠᠶᠢᠭᠰᠠᠨ ᠠᠴᠠ 4.18 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠪᠡ᠃      ᠲᠣᠰ ᠤᠳᠠᠭᠠᠨ ᠤ ᠪᠠᠯᠠ ᠮᠥᠩᠭᠦ ᠶᠢ ᠪᠠᠭᠤᠯᠭᠠᠭᠰᠠᠨ ᠨᠢ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠪᠠ ᠪᠤᠰᠤᠳ ᠡᠳᠦᠷ ᠲᠤᠲᠤᠮ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠵᠡᠷᠭᠡ ᠲᠠᠯ᠎ᠠ ᠶᠢᠨ ᠵᠠᠷᠤᠯᠭ᠎ᠠ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ