︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ | ᠬᠥᠬᠡᠬᠤᠲᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠣᠭᠤᠷᠢᠨ ᠳᠤ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ | ᠥᠷᠭᠡᠳᠭᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠦᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠦᠷᠭᠦᠯᠵᠢᠯᠡᠨ ᠨᠡᠮᠡᠭᠳᠡᠬᠦ ᠶᠢ ᠪᠠᠲᠤᠯᠠᠪᠠ᠃ 1—7 ᠳ᠋ᠤᠭᠠᠷ ᠰᠠᠷ᠎ᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 15.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ ᠨᠢᠭᠡᠴᠢ | ᠳᠡᠭᠡᠭᠰᠢᠯᠡᠵᠦ᠂ ᠪᠥᠬᠦ ᠤᠯᠤᠰ ᠤᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ︵3.6%︶ ᠠᠴᠠ 11.4 ᠵᠠᠭᠤᠨ ᠤ ᠨᠢᠭᠡᠴᠢ ᠥᠨᠳᠥᠷ ᠪᠣᠯᠵᠤ᠂ | ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ ︵10.9%︶ ᠠᠴᠠ 4.1 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ | ᠪᠥᠬᠦ ᠣᠷᠣᠨ ᠳᠤ ᠳᠥᠷᠪᠡᠳᠦᠭᠡᠷ ᠲᠤ ᠣᠷᠣᠪᠠ᠃ | ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠰᠠᠶᠢᠵᠢᠷᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠤᠨ ᠳᠠᠶᠢᠴᠢᠯᠠᠯᠲᠠ ᠳᠣᠤᠷ᠎ᠠ᠂ 1—7 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠨᠢᠭᠡᠳᠦᠭᠡᠷ ᠠᠵᠤ | ᠦᠢᠯᠡᠰ ᠤᠨ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 2.5% ᠬᠦᠷᠴᠦ᠂ ᠠᠳᠠᠯᠢ | ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 33.7 ᠵᠠᠭᠤᠨ ᠤ | ᠨᠢᠭᠡᠴᠢ ᠳᠡᠭᠡᠭᠰᠢᠯᠡᠵᠦ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 0.2 ᠵᠠᠭᠤᠨ ᠤ ᠨᠢᠭᠡᠴᠢ ᠳᠠᠶᠢᠴᠢᠯᠠᠪᠠ᠃ | ᠴᠢᠬᠤᠯᠠ ᠶᠡᠭᠡ ᠲᠥᠷᠥᠯ ᠵᠦᠢᠯ ᠢ ᠲᠦᠷᠭᠡᠨ ᠠᠬᠢᠭᠤᠯᠪᠠ᠃ 1—7 ᠳ᠋ᠤᠭᠠᠷ ᠰᠠᠷ᠎ᠠ ᠳᠤ᠂ ᠪᠦᠬᠦ ᠬᠤᠲᠠ ᠪᠠᠷ ᠢᠶᠠᠨ 10 ᠳ᠋ᠦᠩᠰᠢᠭᠤᠷ ᠲᠥᠭᠦᠷᠢᠭ | ᠵᠢᠴᠢ ᠲᠡᠭᠦᠨ ᠠᠴᠠ ᠳᠡᠭᠡᠭᠰᠢᠬᠢ ᠪᠠᠶᠢᠭᠤᠯᠵᠤ ᠪᠠᠶᠢᠭ᠎ᠠ ᠲᠥᠷᠥᠯ ᠵᠦᠢᠯ 176 ᠪᠠᠶᠢᠵᠤ᠂ ᠪᠦᠬᠦ ᠬᠤᠲᠠ ᠶᠢᠨ ᠪᠡᠯᠡ ᠣᠷᠣᠭᠤᠯᠤᠯᠲᠠ ᠳᠠᠬᠢ ᠪᠡᠯᠡ | ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 55.3% ᠪᠠᠶᠢᠵᠤ᠂ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠨᠣᠷᠮ᠎ᠠ 48.7% ᠪᠠᠶᠢᠵᠤ᠂ | ᠪᠡᠯᠡ ᠣᠷᠣᠭᠤᠯᠤᠯᠲᠠ ᠶᠢᠨ ᠠᠬᠢᠴᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.7 ᠵᠠᠭᠤᠨ ᠤ ᠨᠢᠭᠡᠴᠢ ᠲᠦᠷᠭᠡᠳᠪᠡ᠃ ᠵᠢᠱᠢᠶᠡᠯᠡᠪᠡᠯ᠄ ᠥᠪᠥᠷ | ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ | ᠦᠢᠯᠡᠳᠪᠦᠷᠢᠯᠡᠬᠦ ᠂ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠥᠷᠥᠯ ᠵᠦᠢᠯ᠂ ᠲᠣᠭᠲᠠᠬᠤ ᠴᠠᠬᠢᠯᠭᠠᠨ ᠤ | ᠦᠢᠯᠡᠳᠪᠦᠷᠢ ᠠᠴᠠ ᠬᠥᠬᠡᠬᠤᠲᠠ ᠬᠦᠷᠬᠦ ᠢᠯᠴᠢ ᠬᠠᠩᠭᠠᠬᠤ ᠤᠷᠲᠤ ᠬᠤᠭᠤᠯᠠᠶ ᠶᠢᠨ ᠲᠣᠤᠷ ᠤᠨ ᠢᠨᠵᠧᠨᠧᠷᠢᠩ ᠤᠨ ᠪᠠᠯᠠ ᠣᠷᠣᠭᠤᠯᠤᠯᠲᠠ ᠶᠢ | ᠪᠡᠶᠡᠯᠡᠭᠦᠯᠦᠭᠰᠡᠨ ᠨᠣᠷᠮ᠎ᠠ ᠨᠢ ᠲᠣᠰ ᠲᠣᠰ 108%᠂ 66.1% ᠪᠠ 87.5% ᠪᠠᠶᠢᠵᠤ᠂ ᠪᠠᠯᠠ ᠣᠷᠣᠭᠤᠯᠤᠯᠲᠠ ᠶᠢᠨ ᠠᠬᠢᠴᠠ ᠨᠢ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ ᠲᠣᠰ ᠲᠣᠰ 2.0᠂ 21.1 ᠪᠠ 24.5 ᠵᠠᠭᠤᠨ ᠤ ᠨᠢᠭᠡᠴᠢ ᠲᠦᠷᠭᠡᠳᠪᠡ︔ ᠬᠤᠲᠠ ᠶᠢᠨ ᠡᠮᠦᠨ᠎ᠡ ᠸᠠᠨ ᠳ᠋ᠠ ᠣᠷᠣᠨ | ᠰᠠᠭᠤᠴᠠ ᠶᠢᠨ ᠲᠥᠷᠥᠯ ᠵᠦᠢᠯ ᠢ ᠲᠤᠰᠢᠶᠠᠬᠤ ᠡᠭᠦᠷᠭᠡ ᠨᠡᠯᠢᠶᠡᠳ ᠪᠠᠴᠢᠮ ᠲᠤᠯᠭᠠᠮ᠎ᠠ᠂ ᠲᠣᠰ ᠵᠢᠯ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ | ᠠᠬᠢᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.2 ᠳᠠᠬᠢᠨ ᠲᠦᠷᠭᠡᠳᠪᠡ᠃ | ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠳᠡᠭᠡᠭᠰᠢᠯᠡᠪᠡ᠃ 1—7 ᠳ᠋ᠤᠭᠠᠷ ᠰᠠᠷ᠎ᠠ ᠳᠤ᠂ ᠪᠦᠬᠦ ᠬᠤᠲᠠ ᠶᠢᠨ ᠠᠷᠠᠳ ᠤᠨ | ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 33.1 ᠵᠠᠭᠤᠨ ᠤ ᠨᠢᠭᠡᠴᠢ ᠲᠦᠷᠭᠡᠨ ᠪᠣᠯᠵᠤ᠂ ᠪᠦᠬᠦ ᠬᠤᠲᠠ ᠶᠢᠨ ᠪᠡᠯᠡ ᠣᠷᠣᠭᠤᠯᠤᠯᠲᠠ ᠶᠢ 8.5 ᠵᠠᠭᠤᠨ ᠤ ᠨᠢᠭᠡᠴᠢ | ᠳᠠᠶᠢᠴᠢᠯᠠᠪᠠ᠂ ᠡᠭᠦᠨ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 37.7% ᠨᠡᠮᠡᠭᠳᠡᠪᠡ︔ ᠦᠢᠯᠡᠳᠬᠦ ᠦᠢᠯᠡᠰ ᠤᠨ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.8% ᠨᠡᠮᠡᠭᠳᠡᠪᠡ︔ ᠮᠡᠳᠡᠭᠡ | ᠵᠠᠩᠭᠢ ᠶᠢᠨ ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠷᠠᠳ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.9 ᠳᠠᠬᠢᠨ ᠨᠡᠮᠡᠭᠳᠡᠪᠡ᠃ | ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠢᠯᠡᠷᠬᠡᠶ ᠲᠦ᠋ᠷᠭᠡᠨ ᠪᠤᠯᠪᠠ᠃ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠥᠬᠦᠭᠡᠷᠦᠮᠵᠢ ᠶᠢ ᠰᠢᠨᠡᠳᠭᠡᠨ ᠰᠣᠯᠢᠬᠤ᠂ ᠬᠠᠯᠠᠭᠤᠨ ᠳᠤᠯᠠᠭᠠᠨ ᠤ ᠢᠨᠵᠧᠨᠧᠷᠢᠩ ᠤᠨ ᠢᠯᠴᠢ ᠬᠠᠩᠭᠠᠬᠤ ᠵᠢᠴᠢ ᠬᠡᠢ ᠬᠠᠩᠭᠠᠬᠤ | ᠬᠤᠭᠤᠯᠠᠢ ᠶᠢᠨ ᠲᠣᠣᠷ ᠢ ᠥᠭᠡᠷᠡᠴᠢᠯᠡᠬᠦ ᠶᠢ ᠳᠠᠭᠠᠯᠳᠤᠨ᠂ ᠪᠦᠬᠦ ᠬᠤᠲᠠ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ | ᠣᠷᠣᠭᠤᠯᠤᠯᠲᠠ ᠢᠯᠡᠳᠲᠡ ᠲᠦᠷᠭᠡᠳᠪᠡ᠃ 1—7 ᠳ᠋ᠤᠭᠠᠷ ᠰᠠᠷ᠎ᠠ ᠳᠤ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.5 ᠳᠠᠬᠢᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 304.1 ᠵᠠᠭᠤᠨ ᠤ ᠨᠢᠭᠡᠴᠢ ᠳᠡᠭᠡᠭᠰᠢᠯᠡᠪᠡ᠃ | ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠤᠯᠪᠠ᠃ 1—7 ᠳ᠋ᠤᠭᠠᠷ ᠰᠠᠷ᠎ᠠ ᠳᠤ᠂ ᠰᠠᠭᠤᠷᠢ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠪᠦᠬᠦ ᠬᠤᠲᠠ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 39.9% ᠬᠦᠷᠴᠦ᠂ ᠠᠳᠠᠯᠢ | ᠬᠤᠭᠤᠴᠠᠭᠠᠨ ᠤ ᠬᠢ ᠠᠴᠠ 4.8% ᠨᠡᠮᠡᠭᠳᠡᠪᠡ᠃ ᠡᠭᠦᠨ ᠳᠤ᠂ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9.4% ᠨᠡᠮᠡᠭᠳᠡᠪᠡ᠃ ᠨᠡᠶᠢᠭᠡᠮ ᠤᠨ ᠬᠦᠷᠢᠶᠡᠨ ᠳᠠᠬᠢ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 65.6% ᠪᠠᠷ ᠨᠡᠮᠡᠭᠳᠡᠵᠡᠶ᠂ ᠡᠭᠦᠨ ᠳᠤ᠄ ᠰᠤᠷᠭᠠᠨ ᠬᠥᠮᠦᠵᠢᠯ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 50.3% ᠪᠠᠷ ᠨᠡᠮᠡᠭᠳᠡᠪᠡ︔ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠤᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 10.8 ᠳᠠᠬᠢᠨ ᠨᠡᠮᠡᠭᠳᠡᠪᠡ᠃ | |