ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/8/27
ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄      ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠵᠤ᠂ ᠵᠠᠰᠠᠪᠤᠷᠢ ᠣᠷᠣᠭᠤᠯᠤᠭᠰᠠᠨ ᠠᠭᠤᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃      ᠨᠢᠭᠡ᠂ ︽ᠬᠥᠬᠡᠬᠤᠲᠠ ᠶᠢᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 25 ᠳ᠋ᠤᠭᠠᠷ ᠲᠣᠭᠠᠲᠤ︶      ︽ᠨᠢᠭᠡ᠂ ᠬᠠᠮᠵᠢᠯᠴᠠᠬᠤ ᠪᠣᠳᠣᠯᠭ᠎ᠠ ᠶᠢᠨ ᠰᠤᠷᠪᠤᠯᠵᠢ ᠭᠠᠵᠠᠷ ᠢ ᠪᠠᠶᠢᠭᠤᠯᠤᠨ᠎ᠠ︾ ᠬᠡᠰᠡᠭ ᠤᠨ ︽  ︵ᠳᠥᠷᠪᠡ︶ ᠰᠢᠨᠵᠢᠯᠡᠬᠦ ᠤᠬᠠᠭᠠᠨ ᠤ ᠬᠡᠯᠪᠡᠷᠢ ᠶᠢᠨ ᠠᠵᠤ ᠠᠬᠤᠶᠢᠯᠠᠯ ᠪᠠᠶᠢᠭᠤᠯᠬᠤ ᠶᠢ ᠳᠡᠮᠵᠢᠨ᠎ᠡ︾ ᠳᠣᠲᠣᠷᠠᠬᠢ ︽ᠵᠠᠰᠠᠭ ᠤᠨ ᠣᠷᠳᠣᠨ ᠠᠴᠠ ᠭᠤᠤᠯᠯᠠᠨ ᠤᠳᠤᠷᠢᠳᠴᠤ ᠪᠠᠶᠢᠭᠤᠯᠤᠭᠰᠠᠨ ᠰᠢᠨ᠎ᠡ ᠶᠢ ᠡᠭᠦᠳᠦᠨ ᠦᠢᠯᠡᠰ ᠪᠣᠰᠬᠠᠬᠤ ᠠᠴᠢᠶᠠᠯᠠᠪᠤᠷᠢ ᠶᠢᠨ ᠰᠠᠭᠤᠷᠢᠰᠢᠬᠤ ᠶᠢ ᠤᠷᠢᠳ ᠢᠶᠠᠷ ᠳᠡᠮᠵᠢᠨ᠎ᠡ︾ ᠭᠡᠰᠡᠨ ᠲᠣᠭᠠᠴᠢᠯᠲᠠ ᠶᠢ ︽ᠣᠯᠠᠨ ᠢᠶᠠᠷ ᠦᠢᠯᠡᠰ ᠪᠣᠰᠬᠠᠬᠤ ᠣᠷᠣᠨ ᠵᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠯᠡᠭᠦᠷ ᠵᠡᠷᠭᠡ ᠰᠢᠨ᠎ᠡ ᠶᠢ ᠡᠭᠦᠳᠦᠨ ᠦᠢᠯᠡᠰ ᠪᠣᠰᠬᠠᠬᠤ ᠠᠴᠢᠶᠠᠯᠠᠪᠤᠷᠢ ᠶᠢᠨ ᠰᠠᠭᠤᠷᠢᠰᠢᠬᠤ ᠶᠢ ᠳᠡᠮᠵᠢᠨ᠎ᠡ︾ ᠭᠡᠵᠦ ᠵᠠᠰᠠᠨ᠎ᠠ᠃      ᠬᠤᠶᠠᠷ᠂ ︽ᠬᠥᠬᠡᠬᠤᠲᠠ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 26 ᠳ᠋ᠤᠭᠠᠷ ᠲᠣᠭᠠᠲᠤ︶      ︽ᠨᠢᠭᠡ᠂ ᠰᠢᠨ᠎ᠡ ᠶᠢ ᠡᠭᠦᠳᠬᠦ ᠲᠠᠪᠴᠠᠩ ᠪᠠ ᠰᠢᠨ᠎ᠡ ᠶᠢ ᠡᠭᠦᠳᠬᠦ ᠭᠤᠤᠯ ᠴᠣᠭᠴᠠ ᠶᠢ ᠪᠣᠶᠢᠵᠢᠭᠤᠯᠤᠨ᠎ᠠ︾ ᠬᠡᠰᠡᠭ ᠤᠨ ︽︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠤᠨ᠎ᠠ︾ ᠳᠣᠲᠣᠷᠠᠬᠢ ︽︿ᠲᠤᠰᠬᠠᠶ ᠨᠠᠷᠢᠯᠢᠭ ᠣᠨᠴᠠ ᠰᠢᠨ᠎ᠡ﹀ ᠠᠵᠤ ᠠᠬᠤᠶᠢᠯᠠᠯ ᠢ ᠪᠤᠶᠢᠵᠢᠭᠤᠯᠵᠤ᠂ ᠰᠢᠨ᠎ᠡ ᠪᠠᠷ ᠵᠥᠪᠰᠢᠶᠡᠷᠡᠭᠳᠡᠭᠰᠡᠨ ᠬᠤᠲᠠ ᠶᠢᠨ ᠱᠠᠲᠤᠨ ᠤ ︿ᠲᠤᠰᠬᠠᠶ ᠨᠠᠷᠢᠯᠢᠭ ᠣᠨᠴᠠ ᠰᠢᠨ᠎ᠡ﹀ ᠳᠤᠮᠳᠠ ᠵᠢᠵᠢᠭ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ 20 ᠲᠦᠮᠡᠨ ᠲᠥᠭᠦᠷᠢᠭ ᠱᠠᠩᠨᠠᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠲᠤᠰᠬᠠᠶ ᠨᠠᠷᠢᠯᠢᠭ ᠣᠨᠴᠠ ᠰᠢᠨ᠎ᠡ ︿ᠵᠢᠵᠢᠭ ᠠᠪᠤᠷᠭᠤ ᠬᠥᠮᠦᠨ﹀ ᠠᠵᠤ ᠠᠬᠤᠶᠢᠯᠠᠯ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠤᠯᠤᠰ ᠤᠨ ᠲᠠᠰ ᠤᠨ ᠲᠤᠰᠬᠠᠶ ᠨᠠᠷᠢᠯᠢᠭ ᠣᠨᠴᠠ ᠰᠢᠨ᠎ᠡ ︿ᠵᠢᠵᠢᠭ ᠠᠪᠤᠷᠭᠤ ᠬᠥᠮᠦᠨ﹀ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠱᠠᠩᠨᠠᠨ᠎ᠠ᠃︾ ᠭᠡᠰᠡᠨ ᠲᠣᠭᠠᠴᠢᠯᠲᠠ ᠶᠢ ᠬᠠᠰᠤᠨ᠎ᠠ᠃      ᠭᠤᠷᠪᠠ᠂ ︽ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 49 ᠳ᠋ᠦ᠋ᠭᠡᠷ ᠲᠣᠭᠠᠲᠤ︶      ︽ᠠᠷᠪᠠᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡ ᠡᠷᠬᠢᠯᠡᠵᠦ ᠪᠠᠶᠢᠭ᠎ᠠ ᠵᠢᠯᠣᠭᠤᠴᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ︾ ᠳᠣᠲᠣᠷᠠᠬᠢ ︽︵ᠨᠢᠭᠡ︶ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ᠬᠦᠴᠦᠨ ᠪᠦᠬᠦᠢ ︿ᠣᠷᠣᠰᠢᠨ ᠰᠠᠭᠤᠬᠤ ᠦᠨᠡᠮᠯᠡᠯ﹀ ᠲᠠᠢ ᠪᠠᠶᠢᠬᠤ ᠬᠡᠷᠡᠭᠲᠡᠢ︾ ᠭᠡᠰᠡᠨ ᠲᠣᠭᠠᠴᠢᠯᠲᠠ ᠶᠢ ᠬᠠᠰᠤᠨ᠎ᠠ᠃                     ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                     2024 ᠣᠨ ᠤ 8 ᠳ᠋ᠤᠭᠠᠷ ᠰᠠᠷ᠎ᠠ ᠶᠢᠨ 16 ᠤ ᠡᠳᠦᠷ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ