ᠬᠥᠬᠡᠬᠤᠲᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠᠷ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ | ᠪᠣᠳᠠᠲᠠᠶᠢᠵᠢᠭᠤᠯᠬᠤ ᠶᠢ ᠳᠡᠮᠵᠢᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠨᠢᠭᠡ ᠳᠤ ᠭᠡᠷ᠎ᠡ | ᠲᠣᠭᠲᠠᠭᠰᠠᠨ ᠰᠠᠭᠤᠭᠠᠯᠢ ᠠᠷᠠᠳ ᠤᠨ ᠬᠠᠮᠤᠷᠬᠤ ᠬᠡᠪᠴᠢᠶ᠎ᠡ ᠶᠢ ᠥᠷᠭᠡᠳᠬᠡᠪᠡ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠴᠡᠭ ᠲᠣᠭᠲᠠᠭᠠᠭᠰᠠᠨ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠤ | ᠣᠷᠣᠭᠤᠯᠪᠠ︔ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ 11 ᠵᠦᠢᠯ ᠤᠨ ᠵᠠᠷᠤᠳᠠᠯ ᠢ ᠴᠡᠭ ᠲᠣᠭᠲᠠᠭᠠᠭᠰᠠᠨ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠡᠬᠢᠯᠡᠵᠦ ᠲᠥᠯᠥᠬᠦ ᠱᠤᠭᠤᠮ ᠦᠭᠡᠢ ᠪᠣᠯᠭᠠᠵᠤ᠂ 100% ᠪᠠᠷ ᠲᠠᠩᠰᠠ ᠲᠠᠶᠢᠯᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠪᠥᠬᠦ | ᠬᠤᠲᠠ ᠳᠤ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠬᠥᠮᠥᠨ ᠤ ᠲᠤᠭ᠎ᠠ ᠨᠢ 194.17 ᠲᠦᠮᠡ ᠳᠤ ᠬᠦᠷᠴᠡᠢ᠃ ᠬᠤᠶᠠᠷ ᠲᠤ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠳᠤ ᠭᠡᠷ ᠪᠦᠯᠢ ᠶᠢᠨ ᠡᠮᠴᠢ ᠶᠢᠨ 884 ᠪᠦᠯᠬᠦᠮ ᠢ | ᠵᠣᠬᠢᠶᠠᠨ ᠪᠠᠶᠢᠭᠤᠯᠵᠤ᠂ 10 ᠵᠦᠢᠯ ᠤᠨ ᠬᠡᠷᠡᠭᠴᠡᠭᠡ ᠱᠠᠭᠠᠷᠳᠠᠯᠭᠠᠲᠦ ᠦᠢᠯᠡᠴᠢᠯᠡᠭᠡᠨ ᠤ ᠪᠣᠭᠤᠳᠠᠯ ᠲᠣᠭᠲᠠᠭᠠᠨ᠂ ᠭᠤᠷᠪᠠᠳᠤᠭᠠᠷ ᠳᠡᠰ ᠤᠨ ᠬᠥᠬᠡ ᠵᠡᠷᠭᠡ ᠶᠢᠨ | 7 ᠡᠮᠨᠡᠯᠭᠡ ᠶᠢᠨ ᠬᠤᠷᠢᠶᠠᠨ ᠤ ᠳᠡᠳ᠋ ᠡᠷᠬᠢᠯᠡᠭᠴᠢ ᠵᠢᠴᠢ ᠲᠡᠭᠦᠨ ᠠᠴᠠ ᠥᠨᠳᠥᠷ ᠮᠡᠷᠭᠡᠵᠢᠯ ᠤᠨ ᠴᠣᠯᠠ ᠲᠠᠢ 115 ᠡᠮᠴᠢ ᠨᠡᠶᠢᠲᠡ 1183 ᠤᠳᠠᠭ᠎ᠠ | ᠡᠮᠴᠢᠯᠡᠭᠡ ᠬᠢᠭᠰᠡᠨ ᠪᠠ ᠡᠷᠦᠬᠡ ᠳᠤ ᠬᠦᠷᠴᠦ ᠵᠢᠭᠠᠨ ᠵᠢᠯᠤᠭᠤᠳᠴᠤ᠂ ᠠᠰᠢᠭ ᠬᠦᠷᠲᠡᠭᠰᠡᠨ ᠣᠯᠠᠨ ᠲᠦᠮᠡᠨ 3.2 ᠲᠦᠮᠡᠨ ᠬᠥᠮᠥᠨ ᠤᠳᠠᠭ᠎ᠠ ᠳᠤ ᠬᠦᠷᠪᠡ᠂ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠦᠢᠯᠡᠴᠢᠯᠡᠭᠡ ᠶᠢ 2.9 ᠲᠦᠮᠡᠨ ᠬᠥᠮᠥᠨ ᠤᠳᠠᠭ᠎ᠠ ᠬᠠᠩᠭᠠᠵᠤ᠂ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠡᠭᠦᠳᠡᠨ ᠡᠮᠨᠡᠯᠭᠡ ᠶᠢᠨ ᠡᠮᠴᠢᠯᠡᠭᠡ ᠶᠢ 11.7 ᠲᠦᠮᠡᠨ ᠬᠥᠮᠥᠨ ᠤᠳᠠᠭ᠎ᠠ ᠥᠷᠨᠢᠭᠦᠯᠵᠦ᠂ ᠠᠳᠠᠯᠢ ᠬᠤᠭᠤᠴᠠᠭᠠᠨ ᠤ ᠬᠢ ᠠᠴᠠ ᠪᠠᠨ | 32.2% ᠢᠶᠠᠷ ᠨᠡᠮᠡᠭᠳᠡᠪᠡ᠃ ᠭᠤᠷᠪᠠ ᠳᠤ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠤᠯᠤᠰ ᠤᠨ ᠲᠤᠷᠰᠢᠯᠲᠠ ᠶᠢᠨ ᠴᠡᠭ ᠢ ᠬᠡᠷᠡᠭᠵᠢᠭᠦᠯᠪᠡ᠃ ᠰᠢᠨ᠎ᠡ | ᠬᠤᠲᠠ ᠲᠣᠭᠤᠷᠢᠭ ᠤᠨ ᠬᠠᠭᠤᠴᠢᠨ ᠠᠶᠢᠯ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ︽ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠣᠨᠣᠰᠢᠯᠠᠨ | ᠪᠠᠶᠢᠴᠠᠭᠠᠬᠤ ᠵᠠᠷᠤᠳᠠᠯ︾ ᠤᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠡᠪᠡᠳᠴᠢᠲᠡᠳ ᠲᠤ ᠥᠪᠡᠷᠮᠢᠴᠡ ᠮᠠᠶ᠋ᠢᠭ ᠤᠨ ᠡᠮ ᠬᠡᠷᠡᠭᠯᠡᠬᠦ ᠵᠢᠯᠣᠭᠤᠳᠤᠯᠭ᠎ᠠ | ᠬᠢᠬᠦ ᠦᠢᠯᠡᠴᠢᠯᠡᠭᠡ ᠬᠠᠩᠭᠠᠪᠠ᠃ ᠣᠲᠣ ᠪᠣᠯᠲᠠᠯ᠎ᠠ᠂ ᠨᠢᠭᠡᠨᠲᠡ ᠡᠪᠡᠳᠴᠢᠲᠡᠳ ᠲᠤ 8482 ᠬᠥᠮᠥᠨ ᠤᠳᠠᠭ᠎ᠠ ᠦᠢᠯᠡᠴᠢᠯᠡᠵᠦ᠂ ᠵᠠᠷᠤᠯᠭ᠎ᠠ ᠶᠢᠨ ᠬᠠᠷᠠᠭᠠᠯᠵᠠᠯ ᠨᠢ | 12.72 ᠲᠦᠮᠡᠨ ᠲᠥᠭᠦᠷᠢᠭ ᠲᠤ ᠬᠦᠷᠴᠡᠢ᠃ ︵ᠬᠥᠬᠡᠬᠤᠲᠠ ᠶᠢᠨ ᠵᠠᠰᠠᠭ ᠤᠨ ᠣᠷᠳᠣᠨ︶ |