ᠭᠦᠭᠡᠬᠤᠲᠠ ᠠᠴᠠ ᠤᠯᠠᠭᠠᠨᠬᠠᠳᠠ ᠬᠦᠷᠬᠦ ᠳᠤ 14 ᠴᠠᠭ 18 ᠮᠢᠨᠦ᠋ᠲ ᠬᠡᠷᠡᠭᠰᠡᠬᠦ ᠪᠣᠯᠵᠠᠢ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 26 ᠤ ᠡᠳᠦᠷ ᠠᠴᠠ ᠡᠬᠢᠯᠡᠨ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠭᠦᠭᠡᠬᠤᠲᠠ ᠠᠴᠠ ᠤᠯᠠᠭᠠᠨᠬᠠᠳᠠ ᠬᠦᠷᠬᠦ K4696/7᠂ K4698/5 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢ ᠨᠡᠮᠡᠵᠦ ᠲᠣᠬᠢᠷᠠᠭᠤᠯᠤᠨ᠂ ᠭᠦᠭᠡᠬᠤᠲᠠ ᠪᠣᠯᠣᠨ ᠤᠯᠠᠭᠠᠨᠬᠠᠳᠠ ᠶᠢᠨ ᠬᠤᠭᠤᠷᠣᠨᠳᠤ ᠰᠢᠨ᠎ᠡ ᠪᠠᠷ ᠶᠠᠪᠤᠭᠤᠯᠬᠤ ᠠᠶᠠᠨᠴᠢᠳ ᠤᠨ ᠭᠠᠯᠲᠤ ᠲᠡᠷᠭᠡ ᠳᠠᠭᠢᠭᠠᠳ ᠲᠦᠩᠯᠢᠶᠣᠣ ᠥᠷᠲᠡᠭᠡ ᠶᠢ ᠲᠣᠭᠤᠷᠢᠨ ᠶᠠᠪᠤᠬᠤ ᠴᠢᠬᠤᠯᠠ ᠦᠭᠡᠢ ᠪᠣᠯᠵᠤ᠂ ᠠᠶᠠᠯᠠᠯ ᠤᠨ ᠵᠠᠢ ᠨᠢ 500 ᠭᠠᠷᠤᠢ ᠺᠢᠯᠣᠮᠧᠲᠷ ᠪᠣᠭᠤᠨᠢᠰᠪᠠ᠃ ᠡᠨᠡ ᠨᠢ ᠤᠯᠠᠭᠠᠨᠬᠠᠳᠠ ︱ ᠳ᠋ᠠᠪᠠᠨ ᠬᠦᠷᠬᠦ ᠲᠡᠮᠦᠷ ᠵᠠᠮ ᠨᠢ ᠠᠶᠠᠨᠴᠢᠳ ᠪᠠ ᠪᠠᠷᠠᠭᠠᠨ ᠤ ᠱᠤᠭᠤᠮ ᠢ ᠨᠢᠭᠡᠳᠬᠡᠬᠦ  ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠳᠤᠮᠳᠠᠳᠤ ᠤᠯᠤᠰ ᠤᠨ ᠲᠡᠮᠦᠷ ᠵᠠᠮ ᠤᠨ ᠭᠦᠭᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠶᠢᠨ ᠰᠢᠨ᠎ᠡ ᠪᠠᠷ ᠨᠡᠪᠲᠡᠷᠡᠭᠰᠡᠨ ᠠᠶᠠᠨᠴᠢᠳ ᠤᠨ ᠭᠠᠯᠲᠤ ᠲᠡᠷᠭᠡ ᠨᠢ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢᠶᠠᠷ ᠳᠡᠮᠵᠢᠨ ᠤᠯᠠᠭᠠᠨᠬᠠᠳᠠ ᠶᠢᠨ ᠡᠮᠦᠨ᠎ᠡ ᠥᠷᠲᠡᠭᠡ ᠶᠢ ᠬᠤᠯᠪᠣᠵᠤ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠤᠨ 6 ᠬᠤᠰᠢᠭᠤ ᠰᠢᠶᠠᠨ ᠤ ᠬᠢᠨ ᠭᠠᠯᠲᠤ ᠲᠡᠷᠭᠡᠨ ᠳᠤ ᠰᠠᠭᠤᠵᠤ ᠤᠯᠠᠭᠠᠨᠬᠠᠳᠠ ᠬᠤᠲᠠ ᠶᠢᠨ ᠬᠤᠳᠠ ᠶᠢᠨ ᠲᠣᠭᠤᠷᠢᠭ ᠲᠤ ᠰᠢᠭᠤᠳ ᠬᠦᠷᠴᠦ ᠳᠡᠶᠢᠯᠭᠦ ᠦᠭᠡᠢ ᠪᠠᠶᠢᠭᠰᠠᠨ ᠪᠠᠶᠢᠳᠠᠯ ᠢ ᠬᠤᠪᠢᠷᠠᠭᠤᠯᠤᠭᠰᠠᠨ ᠪᠠᠶᠢᠨ᠎ᠠ ᠭᠡᠪᠡ᠃      8 ᠰᠠᠷ᠎ᠠ ᠶᠢᠨ 26 ᠤ ᠡᠳᠦᠷ ᠠᠴᠠ ᠡᠬᠢᠯᠡᠵᠦ ᠠᠶᠠᠯᠠᠬᠤ K4696/7 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠨᠢ 21᠄ 50 ᠲᠤ ᠭᠦᠭᠡᠬᠤᠲᠠ ᠶᠢᠨ ᠵᠡᠭᠦᠨ ᠦᠷᠳᠡᠭᠡ ᠠᠴᠠ ᠮᠣᠷᠳᠠᠵᠤ᠂ ᠳᠠᠷᠠᠭ᠎ᠠ ᠡᠳᠦᠷ ᠤᠨ 12᠄ 08 ᠲᠤ ᠤᠯᠠᠭᠠᠨᠬᠠᠳᠠ ᠶᠢᠨ ᠡᠮᠦᠨ᠎ᠡ ᠦᠷᠳᠡᠭᠡ ᠳᠤ ᠭᠦᠷᠦᠨ᠎ᠡ᠃ 8 ᠰᠠᠷ᠎ᠠ ᠶᠢᠨ 27 ᠤ ᠡᠳᠦᠷ ᠠᠴᠠ ᠡᠬᠢᠯᠡᠵᠦ ᠠᠶᠠᠯᠠᠬᠤ K4698/5 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ 15᠄ 00 ᠲᠤ ᠤᠯᠠᠭᠠᠨᠬᠠᠳᠠ ᠶᠢᠨ ᠡᠮᠦᠨ᠎ᠡ ᠥᠷᠲᠡᠭᠡ ᠠᠴᠠ ᠮᠣᠷᠳᠠᠵᠤ᠂ ᠳᠠᠷᠠᠭ᠎ᠠ ᠡᠳᠦᠷ ᠤᠨ ᠬᠢᠨᠢ 6᠄ 46 ᠲᠤ ᠭᠦᠭᠡᠬᠤᠲᠠ ᠥᠷᠲᠡᠭᠡ ᠳᠤ ᠭᠦᠷᠦᠨ᠎ᠡ᠃ ᠡᠶᠢᠨᠬᠦ ᠵᠣᠨ ᠤ ᠠᠮᠠᠷᠠᠯᠲᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠭᠦᠭᠡᠬᠤᠲᠠ ᠥᠷᠲᠡᠭᠡ᠂ ᠭᠦᠭᠡᠬᠤᠲᠠ ᠶᠢᠨ ᠵᠡᠭᠦᠨ ᠥᠷᠲᠡᠭᠡ ᠬᠢᠭᠡᠳ ᠤᠯᠠᠭᠠᠨᠬᠠᠳᠠ ᠶᠢᠨ ᠡᠮᠦᠨ᠎ᠡ ᠥᠷᠲᠡᠭᠡ ᠶᠢᠨ ᠬᠤᠭᠤᠷᠣᠨᠳᠤ ᠠᠶᠠᠯᠠᠬᠤ ᠠᠶᠠᠨᠴᠢᠳ ᠤᠨ ᠭᠠᠯᠲᠤ ᠲᠡᠷᠭᠡ ᠡᠳᠦᠷ ᠪᠦᠷᠢ 3 ᠬᠤᠣᠰ ᠬᠦᠷᠴᠦ᠂ ᠬᠤᠶᠠᠷ ᠭᠠᠵᠠᠷ ᠤᠨ ᠨᠠᠭᠠᠰᠢ ᠴᠠᠭᠠᠰᠢ ᠶᠠᠪᠤᠬᠤ ᠭᠠᠯᠲᠤ ᠲᠡᠷᠭᠡ ᠬᠠᠮᠤᠭ ᠤᠨ ᠬᠤᠷᠳᠤᠨ ᠳᠠᠭᠠᠨ 14 ᠴᠠᠭ18 ᠮᠢᠨᠦ᠋ᠲ ᠯᠡ ᠬᠡᠷᠡᠭᠰᠡᠨ᠎ᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ