ᠭᠦᠭᠡᠬᠤᠳᠠ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠨ ᠰᠠᠶᠢᠲᠤᠷ ᠠᠰᠢᠭᠯᠠᠵᠤ ᠪᠤᠢ
ᠨᠡᠶᠢᠲᠡᠯᠡᠭᠰᠡᠨ ᠴᠠᠭ᠄
2024/8/27
      ᠦᠴᠦᠸᠠᠨ ᠰᠢᠶᠠᠨ ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠲᠤᠷᠰᠢᠯᠲᠠ ᠶᠢᠨ ᠨᠢᠭᠡᠴᠢ ᠪᠣᠯᠤᠭᠰᠠᠨ ᠠᠵᠠ ᠲᠣᠭᠢᠶᠠᠯ ᠢ ᠠᠰᠢᠭᠯᠠᠨ ᠬᠠᠷᠢᠶ᠎ᠠ ᠣᠷᠣᠨ ᠤ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯ ᠤᠨ ᠲᠠᠷᠬᠠᠯᠲᠠ ᠶᠢᠨ ᠪᠠᠶᠢᠳᠠᠯ᠂ ᠲᠤᠭ᠎ᠠ ᠬᠡᠮᠵᠢᠶ᠎ᠡ ᠪᠠ ᠰᠦᠢᠳᠦᠵᠦ ᠭᠡᠭᠡᠭᠳᠡᠭᠰᠡᠨ ᠪᠠᠶᠢᠳᠠᠯ ᠵᠡᠷᠭᠡ ᠮᠡᠳᠡᠭᠡ ᠵᠠᠩᠭᠢ ᠶᠢ ᠪᠦᠭᠦ ᠲᠠᠯ᠎ᠠ ᠪᠠᠷ ᠪᠠᠶᠢᠴᠠᠭᠠᠨ ᠡᠵᠡᠮᠳᠡᠵᠦ᠂ ᠭᠦᠭᠡᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠬᠠᠮᠢᠶᠠᠷᠬᠤ᠂ ᠠᠰᠢᠭᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠪᠠᠷ ᠬᠦᠴᠦᠯᠡᠨ ᠠᠵᠢᠯᠯᠠᠵᠤ ᠪᠤᠢ᠃      ᠳᠥᠷᠪᠡᠳᠦᠭᠡᠷ ᠤᠳᠠᠭᠠᠨ ᠤ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠭᠰᠡᠨ ᠠᠴᠠ ᠨᠠᠭᠠᠰᠢ᠂ ᠭᠦᠭᠡᠬᠤᠲᠠ 2025 ᠣᠨ ᠤ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ 15 ᠲᠥᠷᠥᠯ ᠵᠦᠢᠯ ᠤᠨ ᠲᠥᠯᠦᠪᠵᠢᠭᠦᠯᠭᠡ ᠶᠢᠨ ᠪᠢᠴᠢᠭ ᠢ ᠳᠡᠪᠰᠢᠭᠦᠯᠦᠨ ᠬᠦᠷᠭᠡᠵᠦ᠂ ᠦᠨᠳᠦᠰᠦᠨ ᠪᠦᠲᠦᠭᠡᠨ ᠪᠠᠶᠢᠭᠤᠯᠤᠯᠲᠠ ᠲᠠᠢ ᠬᠠᠮᠲᠤᠷᠠᠭᠤᠯᠤᠨ 111 ᠲᠦᠷᠦᠯ ᠤᠨ ᠬᠠᠭᠤᠴᠢ ᠰᠤᠳᠤᠯᠤᠯ ᠤᠨ ᠪᠠᠶᠢᠴᠠᠭᠠᠯᠲᠠ ᠥᠷᠨᠢᠭᠦᠯᠪᠡ᠃ ᠳᠠᠪᠠᠭᠠᠨ ᠣᠷᠣᠢ᠂ ᠾᠧᠦ ᠴᠧᠩ ᠽᠦᠢ ᠵᠡᠷᠭᠡ 10 ᠰᠣᠶᠣᠯ ᠤᠨ ᠪᠠᠭᠤᠷᠢ ᠨᠢ ᠵᠢᠷᠭᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠰᠣᠩᠭᠤᠭᠳᠠᠵᠤ᠂ ᠣᠷᠳᠣ ᠴᠠᠭᠠᠨ ᠬᠡᠷᠡᠮ ᠤᠯᠤᠰ ᠤᠨ ᠰᠣᠶᠣᠯ ᠤᠨ ᠴᠡᠴᠡᠷᠯᠢᠭ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠪᠠ ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠢ ᠶᠢᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ᠃      ᠭᠦᠭᠡᠬᠤᠲᠠ ᠠᠷᠠᠳ ᠤᠨ ᠵᠠᠩ ᠦᠢᠯᠡ᠂ ᠪᠣᠳᠠᠰ ᠤᠨ ᠪᠤᠰᠤ ᠰᠣᠶᠣᠯ ᠤᠨ ᠥᠪ ᠢ ᠵᠢᠭᠤᠯᠴᠢᠯᠠᠯ ᠳᠤ ᠠᠭᠤᠰᠤᠯᠴᠠᠭᠤᠯᠵᠤ᠂ ᠰᠣᠶᠣᠯ ᠤᠨ ᠴᠤᠭᠯᠠᠭ᠎ᠠ ᠮᠠᠶᠢᠮᠠᠢ᠂ ᠠᠷᠠᠳ ᠤᠨ ᠵᠠᠩ ᠦᠢᠯᠡ ᠶᠢᠨ ᠬᠤᠭᠤᠯᠠᠨ ᠭᠡᠷ᠂ ᠬᠥᠳᠡᠭᠡ ᠲᠣᠰᠬᠤᠨ ᠤ ᠰᠢᠨ᠎ᠡ ᠶᠢ ᠡᠭᠦᠳᠦᠭᠴᠢᠳ ᠤᠨ ᠰᠠᠭᠤᠷᠢᠨ ᠵᠡᠷᠭᠡ ᠢᠵᠢ ᠪᠦᠷᠢᠳᠦᠭᠰᠡᠨ ᠦᠢᠯᠡᠳᠬᠦᠨ ᠢ ᠴᠣᠭᠴᠠᠯᠠᠨ᠂ ᠵᠢᠭᠤᠯᠴᠢᠯᠠᠬᠰᠠᠳ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠵᠤ᠂ ᠤᠳᠤ ᠪᠠᠶᠠᠯᠢᠭ ᠰᠠᠶᠢᠬᠠᠨ ᠦᠨᠳᠦᠰᠦᠲᠡᠨ ᠤ ᠵᠠᠩ ᠦᠢᠯᠡ᠂ ᠡᠯᠪᠡᠭ ᠪᠠᠶᠠᠯᠢᠭ ᠲᠡᠦᠬᠡ ᠰᠣᠶᠣᠯ᠂ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠵᠡᠷᠭᠡ ᠪᠠᠷ ᠲᠠᠮᠵᠢᠨ ᠨᠢᠭᠡᠨᠲᠡ ᠭᠦᠨ ᠵᠤᠵᠠᠭᠠᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠦᠷᠢᠯᠳᠦᠭᠦᠯᠪᠡ᠃ ᠡᠨᠡ ᠵᠢᠯ ᠤᠨ 6 ᠰᠠᠷ᠎ᠠ ᠶᠢᠨ ᠰᠡᠭᠦᠯᠴᠢ ᠪᠤᠯᠲᠠᠯ᠎ᠠ᠂ ᠲᠣᠭᠲᠠᠬᠤ ᠰᠢᠶᠠᠨ ᠤ ᠭᠤᠯᠢᠷ ᠱᠤᠭᠤᠮᠠᠯ ᠵᠡᠷᠭᠡ 4 ᠲᠦᠷᠦᠯ ᠵᠦᠢᠯ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ  ᠢᠶᠠᠷ ᠰᠣᠩᠭᠤᠭᠳᠠᠵᠤ᠂ ᠥᠪᠥᠷ ᠮᠣᠩᠭᠤᠯ ᠤᠨ ᠮᠤᠨᠢ ᠠᠭᠤᠯᠠ ᠶᠢᠨ ᠰᠣᠶᠣᠯ ᠵᠠᠭᠤᠴᠢ ᠶᠢᠨ ᠺᠤᠮᠫᠠᠨᠢ ᠵᠡᠷᠭᠡ 2 ᠨᠢᠭᠡᠴᠢ 2022 - 2025 ᠣᠨ ᠤ ᠤᠯᠤᠰ  ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠢ ᠬᠠᠮᠠᠭᠠᠯᠠᠯᠲᠠ ᠶᠢᠨ ᠵᠢᠱᠢᠶ᠎ᠡ ᠦᠵᠡᠭᠦᠯᠭᠦ ᠰᠠᠭᠤᠷᠢᠨ ᠢᠶᠠᠷ ᠦᠨᠡᠯᠡᠭᠳᠡᠵᠠᠢ᠃ ᠶᠡᠭᠡ ᠵᠣᠣ ᠶᠢᠨ ᠲᠡᠦᠬᠡ ᠰᠣᠶᠣᠯ ᠤᠨ ᠦᠵᠡᠮᠵᠢ ᠶᠢᠨ ᠣᠷᠣᠨ ᠵᠡᠷᠭᠡ 5 ᠦᠵᠡᠮᠵᠢ ᠶᠢᠨ ᠣᠷᠣᠨ ᠢ 2024 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠦᠵᠡᠮᠵᠢ ᠶᠢᠨ ᠣᠷᠣᠨ ᠪᠤᠯᠭᠠᠬᠤ ᠪᠠᠷ ᠡᠷᠡᠮᠡᠯᠵᠡᠯᠡᠵᠦ᠂ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠰᠦᠮ᠎ᠡ ᠶᠢᠨ ᠴᠤᠭᠯᠠᠭᠠᠨ᠂ ᠰᠣᠶᠣᠯ ᠪᠠ ᠪᠠᠶᠢᠭᠠᠯᠢ ᠶᠢᠨ ᠥᠪ ᠤᠨ ᠡᠳᠦᠷ᠂ ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ  ᠤᠨ ᠥᠪ ᠤᠨ ᠦᠵᠡᠭᠦᠯᠭᠡ᠂ ᠭᠦᠭᠡᠬᠤᠲᠠ ᠪᠤᠭᠤᠲᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠴᠤᠭᠯᠠᠭ᠎ᠠ ᠮᠠᠶᠢᠮᠠᠢ ᠵᠡᠷᠭᠡ ᠠᠵᠢᠯᠯᠠᠭ᠎ᠠ ᠶᠢ ᠡᠷᠭᠢᠯᠡᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ