2024 ᠬᠥᠬᠡᠬᠤᠲᠠ ᠶᠢᠨ ︽ᠬᠤᠶᠠᠷ ᠢ ᠡᠯᠰᠡᠵᠦ ᠬᠤᠶᠠᠷ ᠢ ᠲᠠᠲᠠᠬᠤ︾ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/8/28
      ︵ᠳᠠᠳᠤᠯᠭ᠎ᠠ ᠬᠢᠭᠰᠡᠨ ᠰᠤᠷᠪᠤᠯᠵᠢᠯᠠᠭᠴᠢ ᠵᠤᠤ ᠳ᠋ᠠᠨ︶ 8 ᠳ᠋ᠤᠭᠠᠷ ᠰᠠᠷ᠎ᠠ ᠶᠢᠨ 27 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠢᠳᠠᠪᠤᠷᠢᠲᠠᠨ ᠢ ᠨᠢᠭᠲᠠᠷᠠᠭᠤᠯᠤᠨ᠂ ᠬᠠᠮᠲᠤᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠠᠰᠢᠭ ᠢ ᠬᠦᠷᠲᠡᠬᠦ 2024 ᠬᠥᠬᠡᠬᠤᠲᠠ ᠶᠢᠨ ︽ᠬᠤᠶᠠᠷ ᠢ ᠡᠯᠰᠡᠵᠦ ᠬᠤᠶᠠᠷ ᠢ ᠲᠠᠲᠠᠬᠤ︾ ᠠᠵᠢᠯᠯᠠᠭ᠎ᠠ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠪᠣᠯ ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ ᠤᠨ ᠵᠡᠷᠭᠡᠴᠡᠭᠡ ᠠᠵᠢᠯᠯᠠᠭ᠎ᠠ ᠶᠢᠨ ᠨᠢᠭᠡ ᠪᠠᠶᠢᠵᠤ᠂ ᠠᠺᠠᠳᠧᠮᠢᠴᠢ ᠲᠤᠰᠬᠠᠶ ᠮᠡᠷᠭᠡᠵᠢᠯᠲᠡᠨ ᠤ ᠳᠡᠭᠡᠳᠦ ᠲᠠᠰ ᠤᠨ ᠣᠶᠤᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠨᠢᠭᠲᠠᠷᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠶ ᠠᠭᠤᠰᠤᠯᠴᠠᠬᠤ ᠶᠢᠨ ᠬᠠᠮᠲᠤ ᠬᠥᠬᠡᠬᠤᠲᠠ ᠶᠢᠨ ᠬᠥᠭᠵᠢᠯᠲᠡ ᠶᠢᠨ ᠭᠤᠤᠯ ᠴᠢᠭᠯᠡᠯ ᠳᠤ ᠰᠠᠭᠤᠷᠢᠯᠠᠨ᠂ ᠠᠺᠠᠳᠧᠮᠢᠴᠢ ᠲᠤᠰᠬᠠᠶ ᠮᠡᠷᠭᠡᠵᠢᠯᠲᠡᠨ ᠤ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠪᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠥᠬᠡᠬᠤᠲᠠ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠣᠷᠭᠢᠯᠤᠮ᠎ᠠ ᠬᠠᠯᠠᠭᠤᠨ ᠬᠥᠳᠡᠯᠭᠡᠬᠦ ᠬᠦᠴᠦᠨ ᠨᠡᠮᠡᠷᠢᠯᠡᠬᠦ ᠶᠢᠨ ᠲᠥᠯᠥᠭᠡ ᠶᠤᠮ᠃      ᠬᠤᠷᠠᠯ ᠠᠴᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠢᠴᠢᠯ ᠡᠯᠧᠺᠲᠷᠤᠨ ᠰᠤᠳᠤᠯᠬᠤ ᠭᠠᠵᠠᠷ ᠤᠨ ᠰᠤᠳᠤᠯᠤᠭᠴᠢ᠂ ᠣᠶᠤᠨᠴᠢ ᠦᠢᠯᠡᠳᠬᠦ ᠲᠥᠪ ᠤᠨ ᠳᠡᠳ᠋ ᠡᠷᠬᠢᠯᠡᠭᠴᠢ ᠴᠧᠨ ᠱᠤ᠋ ᠳ᠋ᠦᠩ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠠᠪᠤᠴᠠ ᠶᠢᠨ ᠢᠨᠵᠧᠨᠧᠷᠢᠩ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠸᠠᠩ ᡁᠢ ᠶᠢ ᠤᠷᠢᠵᠤ᠂ ᠬᠢᠮᠡᠯ ᠤᠶᠤᠨ ᠤ ᠴᠠᠭ ᠦᠶ᠎ᠡ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠ ᠰᠢᠨ᠎ᠡ ᠡᠨᠧᠷᠭᠢ ᠶᠢ ᠲᠠᠬᠢᠨ ᠣᠷᠴᠢᠯᠳᠤᠭᠤᠯᠤᠨ ᠠᠰᠢᠭᠯᠠᠬᠤ ᠶᠢᠨ ᠲᠣᠭᠤᠷᠢᠨ ᠳᠤ ᠲᠠᠶᠢᠯᠤᠮᠵᠢ ᠬᠢᠯᠭᠡᠵᠦ᠂ ᠡᠯ᠎ᠡ ᠬᠦᠷᠢᠶᠡᠯᠡᠩ ᠭᠠᠵᠠᠷ ᠤᠨ ᠲᠤᠰᠬᠠᠢ ᠮᠡᠷᠭᠡᠵᠢᠯᠲᠡᠨ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ᠂ ᠭᠠᠵᠠᠷ ᠣᠷᠣᠨ ᠤ ᠠᠵᠤ ᠠᠬᠤᠶᠢᠯᠠᠯ ᠤᠨ ᠲᠥᠯᠥᠭᠡᠯᠡᠭᠴᠢᠳ ᠨᠢᠭᠤᠷᠳᠠᠨ ᠶᠠᠷᠢᠯᠴᠠᠪᠠ᠃ ᠲᠣᠰ ᠤᠳᠠᠭᠠᠨ ᠤ ︽ᠬᠤᠶᠠᠷ ᠢ ᠡᠯᠰᠡᠵᠦ ᠬᠤᠶᠠᠷ ᠢ ᠲᠠᠲᠠᠬᠤ︾ ᠠᠵᠢᠯᠯᠠᠭ᠎ᠠ ᠪᠠᠷ ᠳᠠᠮᠵᠢᠭᠤᠯᠤᠨ᠂ ᠭᠠᠳᠠᠨᠠᠬᠢ ᠪᠠᠯᠠ ᠣᠷᠣᠭᠤᠯᠤᠯᠲᠠ ᠪᠠ ᠴᠢᠳᠠᠪᠤᠷᠢᠲᠠᠨ ᠢ ᠲᠡᠳᠡᠨ ᠠᠪᠴᠢᠷᠠᠵᠤ᠂ ᠬᠥᠬᠡᠬᠤᠲᠠ ᠶᠢᠨ ᠠᠵᠤ ᠠᠬᠤᠶ ᠶᠢᠨ ᠬᠥᠭᠵᠢᠯᠲᠡ ᠪᠠ ᠪᠦᠲᠦᠴᠡ ᠶᠢᠨ ᠰᠢᠯᠢᠳᠡᠭᠵᠢᠯᠲᠡ ᠶᠢ ᠠᠬᠢᠭᠤᠯᠤᠨ᠂ ᠰᠢᠨ᠎ᠡ ᠶᠢ ᠡᠭᠦᠳᠬᠦ ᠴᠢᠳᠠᠪᠤᠷᠢ ᠪᠠ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ