8 ᠳ᠋ᠤᠭᠠᠷ ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠲᠤᠭ᠎ᠠ ᠪᠠᠷᠢᠮᠲᠠ ᠶᠢᠨ ᠶᠦᠨ ᠺᠧ ᠶᠢᠨ ︽ᠤᠮᠠᠷᠠᠲᠤ ᠶᠢᠨ ᠲᠤᠭ᠎ᠠ ᠪᠠᠷᠢᠮᠲᠠ ᠶᠢᠨ | ᠨᠠᠭᠤᠷ︾ ᠲᠥᠷᠥᠯ ᠵᠦᠢᠯ ᠤᠨ ᠪᠠᠷᠢᠯᠭ᠎ᠠ ᠡᠬᠢᠯᠡᠭᠦᠯᠵᠦ ᠰᠠᠭᠤᠷᠢ ᠲᠠᠯᠪᠢᠬᠤ ᠶᠣᠰᠣᠯᠠᠯ ᠬᠤᠷᠢᠨᠭᠡᠷ ᠰᠢᠨ᠎ᠡ ᠲᠣᠭᠤᠷᠢᠭ ᠲᠤ ᠶᠠᠪᠤᠭᠳᠠᠪᠠ᠃ | ᠳᠤᠮᠳᠠᠳᠤ ᠤᠯᠤᠰ ᠤᠨ ᠲᠤᠭ᠎ᠠ ᠪᠠᠷᠢᠮᠲᠠ ᠶᠢᠨ ᠶᠦᠨ ᠺᠧ ᠶᠢᠨ ︽ᠤᠮᠠᠷᠠᠲᠤ ᠶᠢᠨ ᠲᠤᠭ᠎ᠠ ᠪᠠᠷᠢᠮᠲᠠ ᠶᠢᠨ ᠨᠠᠭᠤᠷ︾ ᠲᠥᠷᠥᠯ ᠵᠦᠢᠯ ᠪᠣᠯ ᠬᠤᠷᠢᠨᠭᠡᠷ | ᠰᠢᠨ᠎ᠡ ᠲᠣᠭᠤᠷᠢᠭ ᠤᠨ ᠪᠤᠳᠤᠬᠤ ᠬᠦᠴᠦᠨ ᠤ ᠴᠢᠬᠤᠯᠠ ᠲᠥᠷᠥᠯ ᠵᠦᠢᠯ ᠪᠣᠯᠣᠨ᠎ᠠ᠂ᠳᠤᠮᠳᠠᠳᠤ ᠤᠯᠤᠰ ᠤᠨ ᠲᠤᠭ᠎ᠠ ᠪᠠᠷᠢᠮᠲᠠ ᠶᠢᠨ ᠰᠢᠩ ᠱᠧᠩ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠲᠤᠰ ᠺᠣᠮᠫᠠᠨᠢ ᠪᠣᠯ ᠤᠯᠤᠰ ᠤᠨ | ᠳᠡᠭᠡᠳᠦ ᠰᠢᠨ᠎ᠡ ᠮᠡᠷᠭᠡᠵᠢᠯ ᠪᠣᠯᠣᠨ ᠬᠤᠣᠰ ᠵᠥᠭᠡᠯᠡᠨ ᠲᠣᠨᠤᠭ ᠤᠨ ᠭᠡᠷᠡᠴᠢᠯᠡᠯ ᠢ ᠣᠯᠣᠭᠰᠠᠨ ᠥᠪᠥᠷ ᠮᠣᠩᠭᠤᠯ ᠤᠨ ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ | ᠠᠵᠤ ᠠᠬᠤᠶᠢᠯᠠᠯ ᠪᠣᠯᠣᠨ᠎ᠠ᠂ ᠵᠢᠱᠢᠯᠲᠡ ᠪᠠᠷ 2026 ᠣᠨ ᠳᠤ ᠪᠡᠭᠡᠵᠢᠩ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠣᠯᠣᠨ᠎ᠠ᠃ ᠲᠥᠷᠥᠯ ᠵᠦᠢᠯ ᠤᠨ | ᠡᠵᠡᠯᠡᠬᠦ ᠲᠠᠯᠠᠪᠠᠶ ᠨᠢ ᠪᠠᠷᠤᠭ 57427.76 ᠲᠡᠭᠰᠢ ᠳᠥᠷᠪᠡᠯᠵᠢᠨ ᠮᠧᠲᠷ ᠪᠠᠶᠢᠵᠤ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ ᠪᠠᠷᠤᠭ 89548 ᠲᠡᠭᠰᠢ | ᠳᠥᠷᠪᠡᠯᠵᠢᠨ ᠮᠧᠲᠷ ᠪᠠᠶᠢᠵᠤ᠂ ᠨᠡᠶᠢᠲᠡ 84.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠳᠥᠷᠪᠡᠨ ᠣᠶᠤᠨᠴᠢ ᠪᠣᠳᠣᠯᠭ᠎ᠠ ᠶᠢᠨ | ᠲᠥᠪ ᠪᠠ ᠨᠢᠭᠡ ᠰᠤᠳᠤᠯᠤᠨ ᠨᠡᠭᠡᠭᠡᠬᠦ ᠲᠥᠪ ᠢ ᠲᠥᠯᠥᠪᠵᠢᠭᠦᠯᠦᠨ ᠪᠠᠶᠢᠭᠤᠯᠵᠤ᠂ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠪᠠᠷᠢᠮᠵᠢᠶᠠᠲᠤ ᠮᠠᠰᠢᠨ ᠤ | ᠬᠤᠷᠭᠤ 5000 ᠭᠠᠷᠤᠶ ᠬᠠᠩᠭᠠᠵᠤ᠂ ᠦᠢᠯᠡᠴᠢᠯᠡᠭᠡᠨ ᠤ ᠮᠠᠰᠢᠨ ᠤᠭᠰᠠᠷᠠᠬᠤ ᠴᠢᠳᠠᠪᠤᠷᠢ ᠨᠢ 10 ᠲᠦᠮᠡ ᠬᠦᠷᠴᠦ᠂ ᠣᠶᠤᠨᠴᠢ ᠪᠣᠳᠣᠬᠤ ᠬᠡᠪᠴᠢᠶ᠎ᠡ ᠨᠢ 8 | ᠲᠦᠮᠡᠨ P ᠳᠤ ᠬᠦᠷᠬᠦ ᠪᠣᠯᠤᠨ᠎ᠠ᠃ | ᠲᠣᠰ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠣᠷᠣᠨ ᠪᠦᠰᠡ ᠶᠢᠨ ᠬᠡᠪ ᠳᠠᠭᠤᠷᠢᠶᠠᠯ ᠲᠠᠰ ᠤᠨ ᠣᠶᠤᠨᠴᠢ ᠪᠣᠳᠣᠯᠭ᠎ᠠ ᠶᠢᠨ | ᠲᠥᠪ ᠤᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠵᠤ᠂ ᠬᠤᠷᠢᠨᠭᠡᠷ ᠰᠢᠨ᠎ᠡ ᠲᠣᠭᠤᠷᠢᠭ ᠤᠨ ︽ᠬᠠᠳᠠᠭᠠᠯᠠᠬᠤ᠂ ᠦᠢᠯᠡᠳᠬᠦ᠂ ᠪᠤᠳᠤᠬᠤ᠂ ᠳᠠᠮᠵᠢᠭᠤᠯᠬᠤ᠂ | ᠰᠤᠳᠤᠯᠬᠤ᠂ ᠬᠡᠷᠡᠭᠯᠡᠬᠦ︾ ᠪᠤᠳᠤᠬᠤ ᠬᠦᠴᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠠᠬᠢᠭᠤᠯᠬᠤ ᠳᠤ ᠬᠦᠴᠦᠨ ᠨᠡᠮᠡᠷᠢᠯᠡᠵᠦ᠂ ᠣᠷᠣᠨ ᠤ | ᠲᠥᠪ ᠬᠤᠲᠠ ᠶᠢᠨ ᠣᠷᠣᠨ ᠪᠦᠰᠡ ᠶᠢᠨ ᠬᠢᠮᠡᠯ ᠣᠶᠤᠨ ᠤ ᠲᠥᠪ ᠢ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠪᠤᠳᠤᠬᠤ ᠬᠦᠴᠦᠨ ᠤ ᠡᠬᠢ | ᠪᠠᠶᠠᠯᠢᠭ ᠤᠨ ᠪᠠᠶᠢᠷᠢᠰᠢᠭᠤᠯᠤᠯᠲᠠ ᠶᠢᠨ ᠦᠰᠦᠷᠦᠯᠲᠡ ᠬᠡᠯᠪᠡᠷᠢ ᠪᠠᠷ ᠲᠠᠰ ᠳᠡᠪᠰᠢᠭᠦᠯᠬᠦ᠂ ᠤᠯᠤᠰ ᠤᠨ ᠲᠠᠰ ᠤᠨ ᠬᠢᠮᠡᠯ ᠣᠶᠣᠨ ᠤ ᠲᠤᠭ᠎ᠠ ᠪᠠᠷᠢᠮᠲᠠ ᠶᠢᠨ ᠠᠵᠤ | ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠢᠳᠡᠪᠬᠢ ᠦᠢᠯᠡᠳᠦᠯ ᠲᠠᠢ ᠶᠤᠮ᠃ | ᠬᠤᠷᠢᠨᠭᠡᠷ ᠰᠢᠨ᠎ᠡ ᠲᠣᠭᠤᠷᠢᠭ ᠨᠢ ᠤᠯᠤᠰ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ︾ ᠪᠠᠶᠢᠯᠳᠤᠬᠤ ᠪᠤᠳᠤᠯᠭ᠎ᠠ ᠶᠢᠨ ᠨᠠᠢᠮᠠᠨ | ᠶᠡᠭᠡ ᠬᠦᠢᠰᠦ ᠶᠢᠨ ᠠᠷᠪᠠᠨ ᠶᠡᠭᠡ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠤᠨ ᠨᠢᠭᠡ ᠪᠣᠯᠤᠭᠰᠠᠨ ᠤ ᠬᠤᠪᠢ ᠳᠤ᠂ ᠣᠳᠣᠬᠠᠨ ᠳᠤ᠂ ᠦᠢᠯᠡᠴᠢᠯᠡᠭᠦᠷ ᠤᠨ | ᠮᠠᠰᠢᠨ ᠤᠭᠰᠠᠷᠠᠬᠤ ᠴᠢᠳᠠᠪᠤᠷᠢ ᠨᠢᠭᠡᠨᠲᠡ 150 ᠲᠦᠮᠡ ᠶᠢ ᠳᠠᠪᠠᠵᠤ᠂ ᠪᠤᠳᠤᠬᠤ ᠬᠦᠴᠦᠨ ᠤ ᠶᠡᠷᠦᠩᠬᠡᠢ ᠬᠡᠪᠴᠢᠶ᠎ᠡ ᠨᠢ 2.4 ᠲᠦᠮᠡᠨ P ᠬᠦᠷᠴᠦ᠂ | ᠤᠶᠤᠨ ᠤ ᠪᠣᠳᠣᠯᠭ᠎ᠠ ᠶᠢᠨ ᠬᠡᠪᠴᠢᠶ᠎ᠡ 2.18 ᠲᠦᠮᠡᠨ P ᠬᠦᠷᠴᠦ᠂ ᠶᠡᠷᠦᠩᠬᠡᠢ ᠪᠤᠳᠤᠬᠤ ᠬᠦᠴᠦᠨ ᠤ 91% ᠶᠢ ᠡᠵᠡᠯᠡᠵᠦ᠂ ᠪᠦᠬᠦ ᠤᠯᠤᠰ ᠤᠨ ᠨᠠᠢᠮᠠᠨ | ᠶᠡᠭᠡ ᠬᠦᠢᠰᠦ᠂ ᠠᠷᠪᠠᠨ ᠶᠡᠭᠡ ᠪᠥᠭᠡᠮᠨᠡᠷᠡᠯ ᠤᠨ ᠳᠤᠮᠳᠠ ᠡᠮᠦᠨ᠎ᠡ ᠡᠩᠨᠡᠭᠡᠨ ᠳᠤ ᠣᠷᠣᠪᠠ᠃ |