ᠰᠢᠨ᠎ᠡ ᠬᠤᠲᠠ ᠲᠣᠭᠤᠷᠢᠭ ᠤᠨ ᠵᠡᠭᠦᠨ ᠵᠡᠭᠡᠯᠢ ᠭᠤᠳᠤᠮᠵᠢ᠄ ᠰᠠᠭᠤᠷᠢ ᠶᠢ ᠪᠠᠲᠤᠳᠬᠠᠨ ᠰᠠᠭᠤᠷᠢ ᠶᠢ ᠪᠠᠬᠢᠵᠢᠭᠦᠯᠵᠦ ᠪᠠᠬᠢᠯᠡᠯᠲᠡ ᠶᠢ ᠪᠠᠶᠢᠭᠤᠯᠤᠨ ᠰᠡᠳᠬᠢᠯ ᠢ ᠨᠢᠭᠲᠠᠷᠠᠭᠤᠯᠵᠤ ᠬᠦᠴᠦᠨ ᠢ ᠨᠢᠭᠲᠠᠷᠠᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2024/9/14
      ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ᠨᠡᠶᠢᠭᠡᠮ ᠲᠣᠭᠤᠷᠢᠭ ᠤᠨ ᠺᠠᠳ᠋ᠷ ᠤᠨ ᠡᠩᠨᠡᠭᠡᠨ ᠤ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠵᠦ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠡᠭᠦᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠶᠢᠨ ᠬᠥᠮᠦᠵᠢᠭᠦᠯᠦᠯ ᠪᠠ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠴᠢᠳᠠᠪᠤᠷᠢ ᠣᠯᠭᠤᠬᠤ ᠰᠢᠨ᠎ᠡ ᠰᠡᠳᠬᠢᠴᠡ᠂ ᠰᠢᠨ᠎ᠡ ᠦᠢᠯᠡᠳᠦᠯᠭᠡ ᠶᠢ ᠢᠳᠡᠪᠬᠢᠲᠡᠢ ᠰᠦᠪᠡᠭᠴᠢᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠵᠤ᠂ ᠠᠷᠠᠳ ᠲᠦᠮᠡᠨ ᠳᠤ ᠪᠤᠶᠠᠨ ᠵᠢᠷᠭᠠᠯ ᠡᠳ᠋ᠯᠡᠭᠦᠯᠬᠦ ᠵᠢᠭᠠᠯᠲᠠ ᠲᠤᠭ᠎ᠠ ᠶᠢ ᠨᠡᠮᠡᠭᠳᠡᠭᠦᠯᠵᠦ᠂ ᠨᠠᠮ ᠤᠨ ᠰᠠᠶᠢᠨ ᠳᠠᠭᠤᠨ ᠢ ᠲᠦᠭ ᠲᠦᠮᠡᠨ ᠠᠶᠢᠯ ᠡᠷᠦᠬᠡ ᠳᠤ ᠳᠠᠮᠵᠢᠭᠤᠯᠬᠤ ᠬᠡᠷᠡᠭᠲᠡᠢ᠃    ︽ᠲᠦᠷᠦᠭᠦᠴᠢ ᠭᠠᠯᠠᠭᠤ︾ ᠪᠠᠬᠢᠯᠡᠯᠲᠡ ᠶᠢ ᠪᠠᠬᠢᠵᠢᠭᠦᠯᠬᠦ ᠪᠠᠷ ᠵᠠᠮᠴᠢᠯᠠᠨ ᠳᠠᠭᠠᠭᠤᠯᠤᠨ᠎ᠠ    ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠶᠢ ᠣᠶᠢᠯᠠᠭᠠᠬᠤ᠂ ᠵᠠᠰᠠᠯᠲᠠ ᠶᠢ ᠣᠶᠢᠯᠠᠭᠠᠬᠤ᠂ ᠦᠢᠯᠡᠴᠢᠯᠡᠭᠡ ᠶᠢ ᠣᠶᠢᠯᠠᠭᠠᠬᠤ᠂ ᠰᠢᠨ᠎ᠡ ᠴᠠᠭ ᠦᠶ᠎ᠡ ᠶᠢᠨ ᠤᠯᠠᠨ ᠲᠦᠮᠡᠨ ᠤ ᠠᠵᠢᠯ ᠢ ᠬᠢᠵᠦ ᠴᠢᠳᠠᠬᠤ ᠦᠨᠳᠦᠰᠦᠨ ᠱᠠᠲᠤᠨ ᠤ ᠬᠦᠴᠦᠨ ᠢ ᠴᠢᠷᠮᠠᠶᠢᠨ ᠬᠥᠮᠦᠵᠢᠭᠦᠯᠵᠦ᠂ ᠨᠡᠶᠢᠭᠡᠮ ᠲᠣᠭᠤᠷᠢᠭ ᠤᠨ ᠺᠠᠳ᠋ᠷ ᠤᠨ ᠡᠩᠨᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ︽ᠨᠡᠶᠢᠭᠡᠮ ᠲᠣᠭᠤᠷᠢᠭ ᠤᠨ ᠱᠦᠵᠢ + ᠵᠠᠯᠠᠭᠤ ᠺᠠᠳ᠋ᠷ︾ ᠤᠨ ᠠᠵᠢᠯ ᠤᠨ ᠵᠠᠭᠪᠤᠷ ᠢᠶᠠᠷ ᠳᠠᠮᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠪᠡ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ ᠰᠤᠳᠤᠯᠤᠨ ᠮᠠᠭᠠᠳᠯᠠᠵᠤ᠂ ᠰᠡᠳᠬᠢᠴᠡ ᠲᠠᠢ᠂ ᠡᠷᠴᠢ ᠵᠣᠷᠢᠭ ᠲᠠᠢ᠂ ᠳᠠᠯᠳᠠ ᠬᠦᠴᠦᠨ ᠲᠠᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠩᠨᠡᠭᠡ ᠶᠢ ᠬᠦᠴᠦᠯᠡᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠡᠭᠡᠯᠢ ᠭᠤᠳᠤᠮᠵᠢ ᠶᠢᠨ ᠬᠢᠨ ᠵᠢᠯ ᠪᠦᠷᠢ ᠰᠢᠯᠢᠳᠡᠭ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠥᠬᠢᠭᠦᠯᠦᠨ ᠱᠠᠩᠨᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠡᠭᠦᠨ ᠤ ᠬᠠᠮᠲᠤ ᠨᠡᠶᠢᠭᠡᠮ ᠲᠣᠭᠤᠷᠢᠭ ᠤᠨ ᠱᠦᠵᠢ ᠶᠢᠨ ᠳᠠᠭᠠᠭᠤᠯᠭ᠎ᠠ ᠪᠠᠷ ᠣᠨ ᠤ ᠰᠢᠯᠢᠳᠡᠭ ᠨᠠᠮ ᠤᠨ ᠡᠭᠦᠷ ᠢ ᠰᠣᠩᠭᠤᠨ ᠭᠠᠷᠭᠠᠵᠤ ᠬᠠᠮᠲᠤ ᠪᠠᠷ ᠬᠥᠬᠢᠭᠦᠯᠦᠨ ᠱᠠᠩᠨᠠᠨ᠎ᠠ᠃    
XCQ091401.jpg
    ︽ᠲᠦᠷᠦᠭᠦᠦ ᠭᠠᠯᠠᠭᠤ︾ ᠨᠢ  ᠭᠠᠪᠰᠢᠭᠠᠶᠢᠯᠠᠵᠤ  ᠤᠷᠤᠭᠰᠢᠯᠠᠨ᠎ᠠ    ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠶᠡᠭᠡ ᠬᠢᠴᠢᠶᠡᠯ ᠤᠨ ᠲᠠᠩᠬᠢᠮ᠂ ︽ᠲᠠᠶᠢᠰᠠᠨ ᠤ ᠮᠥᠷᠦ᠋ᠢᠴᠡᠭᠡᠨ ︾᠂ ︽ᠲᠣᠭᠤᠷᠢᠨ ᠦᠵᠡᠵᠦ ᠪᠣᠯᠪᠠᠰᠤᠷᠠᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠪᠢᠶᠠᠰ ᠴᠢᠳᠠᠪᠤᠷᠢ ᠪᠠᠨ ᠪᠠᠳᠠᠷᠠᠭᠤᠯᠬᠤ᠂ ︽ᠲᠦᠷᠦᠭᠦᠦ ᠭᠠᠯᠠᠭᠤ  ᠵᠢᠱᠢᠶ᠎ᠡ ᠦᠵᠡᠭᠦᠯᠬᠦ︾ ᠦᠢᠯᠡᠳᠦᠯ ᠢ ᠪᠠᠳᠠᠷᠠᠭᠤᠯᠬᠤ ᠳᠤ ᠲᠠᠪᠴᠠᠩ ᠪᠠᠶᠢᠭᠤᠯᠤᠨ ᠥᠭᠴᠦ᠂ ᠡᠭᠦᠪᠡᠷ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠠᠨᠠᠭᠠᠴᠢᠯᠠᠭ᠎ᠠ ᠠᠴᠠ ᠪᠠᠨ ᠵᠥᠷᠢᠶ᠎ᠡ ᠪᠠᠨ ᠡᠷᠢᠵᠦ ᠠᠳᠠᠯᠢᠳᠬᠠᠨ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠬᠦ ᠶᠢ ᠲᠦᠯᠬᠢᠨ ᠠᠬᠢᠭᠤᠯᠵᠤ᠂ ᠲᠡᠷᠢᠭᠦᠨ ᠤ ᠲᠤᠷᠰᠢᠯᠭ᠎ᠠ ᠶᠢ ᠨᠡᠩ ᠰᠠᠶᠢᠲᠤᠷ ᠰᠢᠩᠭᠡᠭᠡᠨ ᠠᠪᠴᠤ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠨᠡᠩ ᠰᠠᠶᠢᠲᠤᠷ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠤᠨ ᠬᠥᠲᠥᠯᠦᠨ ᠵᠢᠯᠣᠭᠤᠳᠬᠤ ᠶᠢ ᠲᠠᠰᠤᠷᠠᠯᠲᠠ ᠥᠬᠡᠶ ᠴᠢᠩᠭᠠᠷᠠᠭᠤᠯᠵᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ᠂ ᠲᠤᠷᠰᠢᠯᠭ᠎ᠠ ᠶᠢ ᠳᠡᠯᠭᠡᠷᠡᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭᠠᠳᠬᠠᠨ᠂ ᠣᠯᠠᠨ ᠲᠦᠮᠡᠨ ᠤ ᠪᠠᠴᠢᠮ ᠪᠡᠷᠬᠡ ᠵᠣᠪᠠᠵᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠳᠤᠮᠳᠠ ᠵᠠᠰᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ︽ᠲᠦᠷᠦᠭᠦᠴᠢ ᠭᠠᠯᠠᠭᠤ ᠶᠢᠨ ᠦᠢᠯᠡᠳᠦᠯ︾ ᠢᠶᠠᠷ ᠨᠡᠶᠢᠭᠡᠮ ᠲᠣᠭᠤᠷᠢᠭ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ᠃ ᠡᠨᠡ ᠵᠢᠯ ᠠᠴᠠ ᠨᠠᠰᠢ᠂ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠯᠲᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠬᠤᠪᠢᠰᠬᠠᠯ ᠤᠨ ᠬᠥᠮᠦᠵᠢᠯ ᠤᠨ ᠰᠠᠭᠤᠷᠢᠨ  ᠭᠠᠵᠠᠷ ᠲᠤ ᠬᠦᠷᠴᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠬᠦ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠬᠠᠷᠠᠮ ᠦᠭᠡᠢ ᠵᠢᠳᠬᠦᠭᠰᠡᠨ ᠭᠠᠶᠢᠬᠠᠮᠰᠢᠭᠲᠤ ᠣᠨ ᠰᠠᠷ᠎ᠠ ᠶᠢ ᠣᠶᠢᠯᠠᠭᠠᠬᠤ ᠪᠠᠷ ᠳᠠᠮᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠦᠨᠡᠨᠬᠦ ᠴᠢᠩᠭᠠᠳᠬᠠᠵᠤ᠂ ᠰᠢᠨ᠎ᠡ ᠣᠶᠢᠯᠠᠭᠠᠭᠳᠠᠬᠤᠨ ᠰᠡᠳᠬᠢᠴᠡ᠂ ᠨᠡᠩ ᠪᠣᠳᠠᠲᠠᠢ ᠠᠵᠢᠯ ᠤᠨ ᠠᠷᠭ᠎ᠠ  ᠬᠡᠮᠵᠢᠶ᠎ᠡ᠂ ᠨᠡᠩ ᠴᠢᠩᠭ᠎ᠠ ᠠᠵᠢᠯ ᠤᠨ ᠡᠷᠴᠢᠮ ᠢᠶᠠᠷ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠰᠠᠶᠢᠲᠤᠷ ᠦᠢᠯᠡᠴᠢᠯᠡᠪᠡ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ       ︽ᠲᠦᠷᠦᠭᠦᠴᠢ ᠭᠠᠯᠠᠭᠤ ᠤᠷᠤᠯᠳᠤᠭᠠᠨ · ᠲᠠᠶᠢᠰᠠᠨ ᠤ ᠮᠥᠷᠦ᠋ᠢᠴᠡᠭᠡᠨ︾ ᠤ ᠠᠵᠢᠯᠯᠠᠭ᠎ᠠ ᠶᠢ ᠡᠷᠬᠢᠯᠡᠵᠦ᠂ ᠨᠡᠶᠢᠭᠡᠮ ᠲᠣᠭᠤᠷᠢᠭ ᠤᠨ ᠱᠦᠵᠢ ᠶᠢᠨ ᠤᠯᠤᠰ ᠲᠦᠷᠦ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠬᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠮᠧᠩ ᠨᠢᠦ ᠰᠦ ᠶᠢᠨ  ᠦᠢᠯᠡᠰ ᠤᠨ ᠪᠦᠯᠦᠭᠯᠡᠯ ᠤᠨ ᠶᠡᠷᠦᠩᠬᠡᠶ ᠵᠠᠬᠢᠷᠭ᠎ᠠ ᠳᠤ ᠬᠦᠷᠴᠦ ᠲᠣᠭᠤᠷᠢᠨ ᠦᠵᠡᠵᠦ ᠰᠤᠷᠤᠯᠴᠠᠬᠤ ᠶᠢ ᠵᠣᠬᠢᠶᠠᠨ ᠪᠠᠶᠢᠭᠤᠯᠵᠤ᠂ ᠬᠠᠷᠠᠭ᠎ᠠ ᠪᠠᠨ ᠥᠷᠭᠡᠳᠬᠡᠨ᠂ ᠲᠠᠨᠢᠯᠲᠠ ᠪᠠᠨ ᠨᠡᠮᠡᠭᠳᠡᠭᠦᠯᠵᠦ᠂ ᠰᠣᠷᠣᠭᠰᠠᠨ ᠰᠢᠨ᠎ᠡ ᠲᠤᠷᠰᠢᠯᠭ᠎ᠠ᠂ ᠰᠢᠨ᠎ᠡ ᠣᠨᠣᠯᠵᠢᠬᠤᠨ ᠢᠶᠠᠨ ᠨᠡᠶᠢᠭᠡᠮ ᠲᠣᠭᠤᠷᠢᠭ ᠤᠨ ᠠᠵᠢᠯ ᠳᠤ ᠠᠭᠤᠰᠬᠠᠨ ᠣᠷᠣᠭᠤᠯᠤᠨ᠎ᠠ᠃    
XCQ091402.jpg
    ︽ᠰᠦᠷᠦᠭ ᠭᠠᠯᠠᠭᠤ︾ ᠬᠦᠴᠦ ᠪᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ    ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠢᠮᠠᠭᠲᠠ ︽  ᠪᠣᠳᠣᠯ ᠰᠡᠳᠬᠢᠯ ᠲᠠᠢ ᠬᠥᠮᠦᠨ︾ ᠤ ᠤᠬ ᠰᠠᠨᠠᠭ᠎ᠠ ᠶᠢ ᠡᠪᠦᠷᠯᠡᠵᠦ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠠᠷᠠᠳ ᠤᠨ ᠠᠮᠢᠳᠤᠷᠠᠯ ᠤᠨ ᠬᠡᠷᠡᠭᠴᠡᠭᠡ᠂ ᠰᠠᠭᠤᠭᠠᠯᠢ ᠠᠷᠠᠳ ᠤᠨ ᠠᠩᠬᠠᠷᠤᠯ ᠢ ᠶᠠᠷᠰᠢᠭ ᠲᠦᠪᠡᠭᠲᠡᠢ ᠪᠣᠯᠭᠠᠨ ᠬᠤᠪᠢᠷᠠᠭᠤᠯᠵᠠᠢ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠨᠠᠰᠤᠲᠠᠶᠢᠴᠤᠳ ᠤᠨ ᠲᠥᠯᠥᠭᠡ ᠪᠠᠭᠠᠴᠤᠳ ᠤᠨ ᠲᠥᠯᠥᠭᠡ ᠵᠢᠳᠬᠦᠬᠦ᠂ ᠬᠦᠴᠢᠷᠳᠡᠯ ᠢ ᠲᠤᠰᠠᠯᠠᠨ ᠲᠡᠳᠬᠦᠬᠦ ᠵᠡᠷᠭᠡ ᠲᠠᠯ᠎ᠠ ᠪᠠᠷ ᠲᠦᠷᠭᠡᠨ ᠠᠷᠭ᠎ᠠ  ᠬᠡᠮᠵᠢᠶ᠎ᠡ ᠠᠪᠴᠤ᠂ ᠪᠣᠳᠠᠲᠠᠢ ᠠᠷᠭ᠎ᠠ  ᠬᠡᠮᠵᠢᠶ᠎ᠡ ᠠᠪᠴᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠨᠠᠷᠢᠯᠢᠬᠵᠢᠭᠤᠯᠬᠤ ᠪᠠ ᠨᠠᠷᠢᠯᠢᠭ ᠣᠨᠣᠴᠠᠲᠠᠢ ᠪᠣᠯᠭᠠᠵᠤ᠂ ᠰᠠᠭᠤᠭᠠᠯᠢ ᠠᠷᠠᠳ ᠲᠤ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠲᠠᠢ  ᠪᠣᠯᠭᠠᠵᠦ᠂ ᠨᠠᠮ ᠤᠨ ᠬᠤᠷᠢᠶ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠰᠠᠭᠤᠭᠠᠯᠢ ᠠᠷᠠᠳ ᠤᠨ ᠲᠣᠭᠤᠷᠢᠭ ᠤᠨ ᠬᠡᠷᠡᠭ ᠵᠥᠪᠯᠡᠬᠦ  ᠭᠠᠵᠠᠷ ᠲᠤ ᠲᠦᠰᠢᠭᠯᠡᠨ᠂ ︽ᠭᠠᠷᠠᠭ ᠤᠨ ᠬᠤᠶᠠᠷ ᠲᠤ ᠬᠡᠷᠡᠭ ᠵᠥᠪᠯᠡᠬᠦ︾ ᠬᠡᠷᠡᠭ ᠵᠥᠪᠯᠡᠬᠦ ᠲᠠᠪᠴᠠᠩ ᠢ ᠪᠠᠶᠢᠭᠤᠯᠵᠤ᠂ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ᠂ ᠠᠩᠬᠠᠷᠴᠤ ᠪᠠᠶᠢᠭ᠎ᠠ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠷᠠᠳ ᠤᠨ ᠰᠠᠨᠠᠭ᠎ᠠ ᠶᠢ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠵᠦ᠂ ᠰᠠᠭᠤᠭᠠᠯᠢ ᠠᠷᠠᠳ ᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠰᠠᠨᠠᠭᠠᠴᠢᠯᠠᠭ᠎ᠠ ᠠᠴᠠ ᠪᠠᠨ ᠡᠶᠡᠳᠡᠭᠦᠯᠬᠦ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠪᠠᠷ ᠠᠷᠢᠯᠭᠠᠨ᠎ᠠ᠃ ᠯᠣᠣ ᠭᠠᠩ ᠹᠠᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠷᠢᠶ᠎ᠠ ᠣᠷᠣᠨ ᠤ ᠪᠠᠨ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠡᠪ ᠵᠠᠭᠪᠤᠷ ᠢ ᠰᠢᠨᠡᠴᠢᠯᠡᠵᠦ᠂ ᠬᠠᠷᠢᠶᠠᠲᠤ ᠣᠷᠣᠨ ᠤ ᠲᠣᠮᠢᠯᠠᠭᠰᠠᠨ ᠰᠠᠯᠪᠤᠷᠢ ᠶᠢᠨ ᠴᠠᠭᠳᠠᠭᠠᠨ ᠤ ᠬᠤᠷᠢᠶ᠎ᠠ ᠲᠠᠢ ᠬᠤᠯᠪᠣᠭᠠᠯᠠᠨ ᠬᠥᠳᠡᠯᠦᠯᠴᠡᠬᠦ ᠪᠠᠷ ᠳᠡᠮᠵᠢᠨ᠂ ︽ᠵᠢᠷᠤᠮ ᠤᠨ ᠴᠠᠭᠳᠠᠭ᠎ᠠ ᠶᠢᠨ ᠠᠵᠢᠯ ᠤᠨ ᠦᠢᠯᠡᠴᠢᠯᠡᠭᠡᠨ ᠤ ᠥᠷᠲᠡᠭᠡ︾᠂ ︽ᠠᠯᠲᠠᠨ ᠮᠧᠳᠠᠯ ᠤᠨ ᠡᠶᠡᠳᠡᠭᠦᠯᠦᠭᠴᠢ︾ ᠶᠢᠨ ᠠᠵᠢᠯᠯᠠᠬᠤ ᠭᠡᠷ ᠢ ᠪᠠᠶᠢᠭᠤᠯᠵᠤ᠂ ︽ᠵᠠᠯᠠᠭᠤᠴᠤᠳ ᠪᠠᠭᠠᠴᠤᠳ ᠤᠨ ᠰᠤᠷᠤᠯᠭ᠎ᠠ ᠪᠠᠨ ᠬᠠᠮᠠᠭᠠᠯᠠᠬᠤ ᠠᠵᠢᠯ ᠤᠨ ᠪᠠᠶᠢᠷᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠷᠬᠡ ᠲᠡᠭᠰᠢ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠴᠠᠭᠳᠠᠭ᠎ᠠ ᠠᠷᠠᠳ ᠤᠨ ︽ᠬᠠᠮᠲᠤᠪᠠᠷ ᠪᠠᠶᠢᠭᠤᠯᠬᠤ᠂ ᠬᠠᠮᠲᠤᠪᠠᠷ ᠵᠠᠰᠠᠬᠤ᠂ ᠬᠠᠮᠲᠤᠪᠠᠷ ᠡᠳ᠋ᠯᠡᠬᠦ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠳ᠋ᠦᠩ ᠺᠦ᠋ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ  ᠬᠤᠷᠢᠶ᠎ᠠ ᠤᠯᠠᠨ ᠲᠦᠮᠡᠨ ᠤ ᠳᠤᠷᠠᠲᠠᠢ᠂ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠲᠦᠷᠦᠯ ᠤᠨ ᠰᠠᠶᠢᠨ ᠳᠤᠷ᠎ᠠ ᠶᠢᠨ ᠲᠦᠷᠦᠯ ᠤᠨ ᠦᠢᠯᠡᠴᠢᠯᠡᠭᠡᠨ ᠤ ᠠᠵᠢᠯᠯᠠᠭ᠎ᠠ ᠪᠠᠷ ᠤᠯᠠᠨ ᠲᠦᠮᠡᠨ ᠣᠷᠣᠯᠴᠠᠬᠤ᠂ ᠨᠡᠶᠢᠭᠡᠮ ᠲᠣᠭᠤᠷᠢᠭ ᠠᠴᠠ ᠳᠠᠭᠠᠭᠠᠨ ᠡᠷᠬᠢᠯᠡᠬᠦ ᠵᠡᠷᠭᠡ ᠠᠷᠭ᠎ᠠ ᠬᠡᠯᠪᠡᠷᠢ ᠪᠠᠷ ᠠᠷᠠᠳ ᠤᠨ ᠰᠠᠨᠠᠭ᠎ᠠ ᠶᠢ ᠴᠤᠭᠯᠠᠭᠤᠯᠵᠤ᠂ ᠤᠯᠠᠨ ᠲᠦᠮᠡᠨ ᠤ ᠰᠠᠨᠠᠯ ᠢ ᠬᠤᠷᠢᠶᠠᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠥᠷᠢᠴᠡᠯ ᠢ ᠠᠷᠢᠯᠭᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ