ᠬᠤᠲᠠ ᠠᠴᠠ ︽ᠪᠦᠷᠢᠨ ᠴᠢᠳᠠᠮᠵᠢᠲᠦ ᠺᠠᠷᠲ︾ ᠢᠶᠠᠷ 146380.85 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2024/9/14
      ︵ᠰᠤᠷᠪᠤᠯᠵᠢᠯᠠᠭᠴᠢ ᠰᠦᠩ ᠰᠢᠶᠠᠩ ᠬᠤᠸᠠ︶ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠲᠠ ᠠᠴᠠ ︽ᠪᠦᠷᠢᠨ ᠴᠢᠳᠠᠮᠵᠢᠲᠦ ᠺᠠᠷᠲ︾ ᠢᠶᠠᠷ ᠨᠡᠶᠢᠲᠡ 146380.85 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠪᠠ᠂ ᠡᠭᠦᠨ ᠳᠤ ᠲᠠᠷᠢᠶᠠᠴᠢᠳ ᠤᠨ ᠨᠥᠬᠦᠪᠥᠷᠢ ᠮᠥᠩᠭᠦ 137940.86 ᠲᠦᠮᠡᠨ ᠲᠥᠭᠦᠷᠢᠭ᠂ ᠪᠦᠬᠦ ᠨᠥᠬᠦᠪᠦᠷᠢ ᠮᠦᠩᠭᠦ ᠶᠢᠨ 94.23% ᠶᠢ ᠡᠵᠡᠯᠡᠨ᠎ᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠮᠥᠩᠭᠦ 8439.99 ᠲᠦᠮᠡᠨ ᠲᠥᠭᠦᠷᠢᠭ᠂ ᠪᠦᠬᠦ ᠨᠥᠬᠦᠪᠦᠷᠢ ᠮᠦᠩᠭᠦ ᠶᠢᠨ 5.77% ᠶᠢ ᠡᠵᠡᠯᠡᠨ᠎ᠡ᠃ ᠨᠥᠬᠦᠪᠦᠷᠢ ᠮᠦᠩᠭᠦ ᠨᠢ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 296.19 ᠲᠦᠮᠡᠨ ᠬᠥᠮᠦᠨ ᠤᠳᠠᠭ᠎ᠠ ᠳᠤ ᠲᠠᠷᠬᠠᠭᠠᠵᠤ᠂ ᠨᠡᠶᠢᠲᠡ 8 ᠬᠦᠷᠢᠶᠡᠨ ᠤ 50 ᠲᠥᠷᠥᠯ 59 ᠵᠦᠢᠯ ᠢ ᠪᠠᠭᠲᠠᠭᠠᠪᠠ᠃      ᠣᠯᠭᠤᠭᠰᠠᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ᠳᠣᠲᠣᠷ᠎ᠠ᠂ ᠵᠣᠭᠤᠰᠤᠨ ᠤ ᠬᠠᠷᠢᠴᠠᠯ ᠨᠢ ᠬᠠᠷᠢᠴᠠᠩᠭᠤᠢ ᠶᠡᠭᠡ ᠳᠤ ᠭᠤᠤᠯᠳᠠᠭᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ᠂ ᠣᠶ ᠰᠢᠭᠤᠶ ᠶᠢᠨ ᠲᠥᠷᠥᠯ᠂ ᠴᠠᠯᠢᠩ ᠤᠨ ᠨᠥᠬᠦᠪᠥᠷᠢ ᠶᠢᠨ ᠲᠥᠷᠥᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠠᠪᠤᠨ ᠶᠡᠭᠡ ᠲᠥᠷᠥᠯ ᠤᠨ ᠨᠥᠬᠦᠪᠥᠷᠢ ᠪᠣᠯᠤᠨ᠎ᠠ᠂ ᠡᠭᠦᠨ ᠳᠤ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 82666 ᠲᠦᠮᠡᠨ ᠲᠥᠭᠦᠷᠢᠭ᠂ 56.47% ᠶᠢ ᠡᠵᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 40623.25 ᠲᠦᠮᠡᠨ ᠲᠥᠭᠦᠷᠢᠭ᠂ 27.75% ᠶᠢ ᠡᠵᠡᠯᠡᠨ᠎ᠡ᠃ ᠣᠶ ᠰᠢᠭᠤᠶ ᠶᠢᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ 10522.49 ᠲᠦᠮᠡᠨ ᠲᠥᠭᠦᠷᠢᠭ᠂ 7.19% ᠶᠢ ᠡᠵᠡᠯᠡᠨ᠎ᠡ᠃ ᠴᠠᠯᠢᠩ ᠤᠨ ᠨᠥᠬᠦᠪᠥᠷᠢ ᠶᠢᠨ ᠲᠥᠷᠥᠯ 5530.35 ᠲᠦᠮᠡᠨ ᠲᠥᠭᠦᠷᠢᠭ᠂ 3.78% ᠶᠢ ᠡᠵᠡᠯᠡᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ 3623.15 ᠲᠦᠮᠡᠨ ᠲᠥᠭᠦᠷᠢᠭ᠂ 2.48% ᠶᠢ ᠡᠵᠡᠯᠡᠨ᠎ᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ