ᠬᠤᠲᠠ ᠶᠢᠨ ᠳᠡᠳ᠋ ᠳᠠᠷᠤᠭ᠎ᠠ ︵ᠨᠡᠷ᠎ᠡ ᠳᠤᠷᠠᠳᠤᠭᠰᠠᠨ︶ ᠲᠠᠯ᠎ᠠ
ᠨᠡᠶᠢᠲᠡᠯᠡᠭᠰᠡᠨ ᠴᠠᠭ᠄
2024/9/18
tala.png
ᠠᠵᠢᠯ ᠤᠨ ᠬᠤᠪᠢᠶᠠᠷᠢᠯᠠᠯ᠄      ᠬᠤᠲᠠ ᠶᠢᠨ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ᠂ ᠨᠢᠰᠬᠡᠯ ᠤᠨ ᠪᠠᠭᠤᠳᠠᠯ᠂ ᠲᠡᠮᠦᠷ ᠵᠠᠮ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠪᠡᠯᠡ ᠣᠷᠣᠭᠤᠯᠤᠯᠲᠠ ᠶᠢ ᠠᠬᠢᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ᠄      ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠬᠥᠬᠡᠬᠤᠲᠠ ᠶᠢᠨ ᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠥᠬᠡᠬᠤᠲᠠ ᠶᠢᠨ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠃ᠬᠠᠷᠢᠯᠴᠠᠬᠤ᠄      ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠥᠬᠡᠬᠤᠲᠠ ᠶᠢᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠬᠤ ᠲᠣᠪᠴᠢᠶ᠎ᠠ ︵ᠨᠠᠪᠴᠢᠨ ᠲᠠᠮᠠᠬᠢ ᠶᠢᠨ ᠬᠤᠪᠢᠶᠠᠷᠢ ᠺᠣᠮᠫᠠᠨᠢ︶᠂ ᠬᠥᠬᠡᠬᠤᠲᠠ ᠶᠢᠨ ᠳᠠᠪᠤᠰᠤᠨ ᠤ ᠦᠢᠯᠡᠰ ᠤᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠬᠡᠬᠤᠲᠠ ᠳᠠᠬᠢ ᠮᠡᠳᠡᠭᠡ ᠬᠤᠯᠪᠣᠭᠠᠨ ᠤ ᠬᠠᠮᠢᠶᠠᠷᠤᠯᠲᠠ ᠶᠢᠨ ᠠᠯᠪᠠᠨ ᠭᠡᠷ᠂ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠥᠬᠡᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠡᠮᠦᠷ ᠰᠤᠪᠤᠷᠭ᠎ᠠ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠪᠣᠷᠣᠯᠠᠭᠤᠯᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠲᠢᠶᠠᠨ ᠶᠧ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠲᠥᠪ ᠤᠨ ᠰᠢᠭᠤᠳ ᠬᠠᠷᠢᠶ᠎ᠠ᠂ ᠣᠷᠣᠨ ᠤ ᠰᠢᠭᠤᠳ ᠬᠠᠷᠢᠶ᠎ᠠ ᠬᠥᠬᠡᠬᠤᠲᠠ ᠳᠤ ᠰᠠᠭᠤᠭ᠎ᠠ ᠡᠯ᠎ᠡ ᠲᠣᠮᠣ ᠠᠵᠤ ᠦᠢᠯᠡᠳᠪᠦᠷᠢ ᠶᠢᠨ ᠠᠵᠤ ᠠᠬᠤᠶᠢᠯᠠᠯ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠲᠣᠪᠴᠢ ᠨᠠᠮᠲᠠᠷ᠄      ᠲᠠᠯ᠎ᠠ᠂ ᠡᠷᠡᠭᠲᠡᠢ᠂ ᠮᠣᠩᠭᠤᠯ ᠦᠨᠳᠦᠰᠦᠲᠡᠨ᠂ 1986 ᠣᠨ ᠤ 6 ᠳ᠋ᠤᠭᠠᠷ ᠰᠠᠷ᠎ᠠ ᠳᠤ ᠲᠥᠷᠥᠵᠡᠢ᠃ ᠰᠤᠳᠤᠯᠬᠤ ᠰᠤᠷᠤᠭᠴᠢ᠂ ᠲᠧᠭᠨᠢᠭ ᠤᠨ ᠤᠬᠠᠭᠠᠨ ᠤ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ